ᠪᠦᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠲᠤᠪᠤᠶᠢᠮ᠎ᠠ ᠠᠰᠠᠭᠤᠳᠠᠯ ᠵᠢᠴᠢ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠭᠦᠶᠴᠡᠳᠬᠡᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠬᠠᠷᠢᠭᠤ ᠲᠤᠰᠬᠠᠭᠰᠠᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/4
    ᠪᠦᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠲᠤᠪᠤᠶᠢᠮ᠎ᠠ ᠠᠰᠠᠭᠤᠳᠠᠯ ᠵᠢᠴᠢ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠭᠦᠶᠴᠡᠳᠬᠡᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠬᠠᠷᠢᠭᠤ ᠲᠤᠰᠬᠠᠭᠰᠠᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ      12 ᠳ᠋ᠤᠭᠠᠷ ᠰᠠᠷ᠎ᠠ ᠶᠢᠨ 29   ᠤ ᠡᠳᠦᠷ᠂ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠲᠣᠪᠣᠶᠢᠮ᠎ᠠ ᠠᠰᠠᠭᠤᠳᠠᠯ ᠵᠢᠴᠢ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠭᠦᠶᠴᠡᠳᠬᠡᠬᠦ ᠲᠣᠪᠴᠢᠶ᠎ᠠ ᠶᠢ ᠲᠣᠭᠤᠷᠢᠨ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠬᠠᠷᠢᠭᠤ ᠲᠤᠰᠬᠠᠭᠰᠠᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠡᠨᠡ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ ᠳᠤ ᠦᠨᠡᠨᠬᠦ ᠨᠢᠭᠡᠳᠭᠡᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠱᠠᠭᠠᠷᠳᠠᠯᠭ᠎ᠠ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠶ᠂ ᠸᠠᠩ ᠯᠢ ᠰᠢᠶᠠ ᠱᠦᠵᠢ ᠶᠢᠨ ᠵᠢᠭᠠᠵᠤ ᠭᠠᠷᠭᠠᠭᠰᠠᠨ ︽ᠠᠷᠪᠠᠨ ᠲᠥᠷᠥᠯ ᠤᠨ ᠲᠤᠪᠤᠶᠢᠮ᠎ᠠ ᠠᠰᠠᠭᠤᠳᠠᠯ︾ ᠲᠠᠢ ᠬᠠᠷᠢᠴᠠᠭᠤᠯᠤᠨ᠂ ᠲᠤᠰᠬᠠᠶ ᠴᠡᠭᠴᠡᠯᠡᠨ ᠵᠠᠰᠠᠬᠤ ᠶᠢ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠰᠬᠠᠶ ᠠᠵᠢᠯᠯᠠᠭ᠎ᠠ ᠲᠠᠢ ᠤᠶᠠᠯᠳᠤᠭᠤᠯᠬᠤ ᠬᠡᠷᠡᠭᠲᠡᠶ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠬᠤ ᠲᠠᠢ ᠤᠶᠠᠯᠳᠤᠭᠤᠯᠵᠦ᠂ ᠬᠠᠤᠯᠢ ᠪᠠᠷ ᠵᠠᠰᠠᠬᠤ ᠲᠣᠭᠲᠠᠬᠤ ᠶᠢ ᠠᠬᠢᠭᠤᠯᠬᠤ ᠪᠠ᠂ ᠠᠮᠤᠷ ᠲᠦᠪᠰᠢᠨ ᠲᠣᠭᠲᠠᠬᠤ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠬᠤ᠂ ᠤᠯᠤᠰ ᠲᠥᠷᠥ ᠬᠠᠤᠯᠢ ᠴᠠᠭᠠᠵᠠ ᠶᠢᠨ ᠴᠠᠭᠳᠠᠭ᠎ᠠ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠵᠢᠴᠢ ︽ᠬᠠᠮᠠᠭᠠᠯᠠᠭᠴᠢ︾ ᠪᠣᠯᠤᠭᠰᠠᠨ ᠳᠤ ᠠᠩᠬᠠᠷᠤᠯ ᠢᠶᠠᠨ  ᠲᠦᠪᠯᠡᠷᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢᠨ ᠢᠯᠵᠠᠷᠠᠯ ᠪᠠ ᠳᠤᠷ᠎ᠠ ᠪᠠᠷ ᠢᠶᠠᠨ ᠦᠢᠯᠡᠳᠬᠦ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠵᠠᠰᠠᠭ ᠵᠠᠬᠢᠷᠭᠠᠨ ᠤ ᠰᠢᠳᠬᠡᠯᠲᠡ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠬᠡ ᠶᠢᠨ ᠠᠵᠢᠯᠯᠠᠭᠠᠨ ᠤ ᠵᠠᠩᠭᠢᠯᠠᠭ᠎ᠠ ᠶᠢᠨ ᠠᠵᠢᠯ ᠤᠨ ᠪᠠᠶᠢᠷᠢ ᠪᠠ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠦ᠂ ᠵᠥᠷᠢᠶ᠎ᠡ ᠪᠠᠨ ᠭᠦᠨᠵᠡᠭᠡᠶ ᠡᠷᠢᠬᠦ᠂ ᠳᠤᠲᠠᠭᠤᠳᠠᠯ ᠢ ᠨᠥᠬᠦᠪᠥᠷᠢᠯᠡᠬᠦ᠂ ᠨᠢᠭᠡ ᠰᠠᠯᠠᠭ᠎ᠠ ᠬᠠᠷᠢᠴᠠᠯᠠᠰᠢ ᠦᠭᠡᠢ ᠦᠨᠡᠨᠴᠢ ᠰᠢᠳᠤᠷᠭᠤ ᠶᠢ ᠴᠢᠷᠮᠠᠶᠢᠨ ᠪᠠᠶᠢᠭᠤᠯᠵᠦ᠂ ᠲᠤᠶᠢᠯ ᠤᠨ ᠴᠡᠪᠡᠷ᠂ ᠬᠠᠷᠢᠴᠠᠯᠠᠰᠢ ᠦᠭᠡᠢ ᠨᠠᠶᠢᠳᠠᠪᠤᠷᠢᠲᠠᠶ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠪᠠᠶᠢᠭᠤᠯᠬᠤ ᠬᠡᠷᠡᠭᠳᠡᠢ ᠭᠡᠵᠦ ᠱᠠᠭᠠᠷᠳᠠᠪᠠ᠃      ᠬᠤᠷᠠᠯ ᠠᠴᠠ᠂ ᠡᠨᠡ ᠤᠠᠳᠠᠭᠠᠨ ᠤ ᠴᠡᠭᠴᠡᠯᠡᠨ ᠵᠠᠰᠠᠯᠳᠠ ᠨᠢ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠴᠡᠭᠴᠡᠯᠡᠨ ᠵᠠᠰᠠᠬᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠳᠦᠷᠢ ᠲᠥᠷᠬᠦ ᠪᠠ ᠳᠠᠶᠢᠴᠢᠨ ᠬᠦᠴᠦᠨ᠂ ᠪᠦᠬᠦ ᠰᠢᠶᠠᠨ ᠤ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠲᠠᠢ ᠬᠤᠯᠪᠤᠭᠳᠠᠬᠤ ᠤᠴᠢᠷ ᠠᠴᠠ᠂ ᠪᠦᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠨᠤᠭᠤᠳ ᠬᠤᠲᠠ ᠶᠢᠨ ᠨᠠᠮ ᠤᠨ ᠬᠤᠷᠢᠶᠠᠨ ᠤ ᠶᠣᠰᠣᠭᠠᠷ᠂ ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ᠂ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠦ᠂ ᠪᠦᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠠᠬᠢᠯᠭ᠎ᠠ ᠪᠠᠲᠤ ᠣᠪᠣᠷ ᠰᠤᠷᠲᠠᠯ ᠶᠡᠬᠡᠪᠡᠷ ᠰᠠᠶᠢᠵᠢᠷᠠᠬᠤ ᠶᠢ ᠠᠬᠢᠭᠤᠯᠬᠤ ᠬᠡᠷᠡᠭᠲᠡᠶ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ  ᠦᠭᠡᠷᠡᠴᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠨᠡᠶᠢᠭᠡᠮ ᠤᠨ ᠲᠦᠷᠢ ᠲᠥᠷᠬᠦ ᠶᠡᠭᠡ ᠪᠠᠷ ᠰᠠᠶᠢᠵᠢᠷᠠᠭᠤᠯᠤᠨ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠶᠡᠭᠡ ᠰᠢᠪᠲᠤᠯᠤᠯᠲᠠ ᠭᠠᠷᠭᠠᠵᠦ᠂ ᠠᠮᠤᠷ ᠠᠮᠤᠭᠤᠯᠠᠩ ᠲᠣᠭᠲᠠᠬᠤ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠰᠢᠶᠠᠨ ᠤ ᠬᠠᠤᠯᠢ ᠴᠠᠭᠠᠵᠠ ᠶᠢᠨ ᠭᠤᠤᠯᠴᠢ ᠪᠤᠰᠤ ᠪᠠᠶᠢᠬᠤ ᠲᠣᠪᠣᠶᠢᠮ᠎ᠠ ᠠᠰᠠᠭᠤᠳᠠᠯ ᠵᠢᠴᠢ ᠬᠠᠤᠯᠢ ᠴᠠᠭᠠᠵᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ ᠢ ᠲᠥᠪ ᠴᠢᠩᠭ᠎ᠠ ᠪᠣᠯᠭᠠᠵᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ᠂ ᠲᠦᠷᠢᠮ ᠲᠣᠭᠲᠠᠭᠠᠯ  ᠠᠴᠠ ᠵᠥᠷᠢᠴᠡᠵᠦ ᠬᠠᠤᠯᠢ ᠠᠴᠠ ᠵᠥᠷᠢᠴᠡᠨ ᠡᠷᠡᠭᠦᠦ ᠰᠢᠢᠳᠭᠡᠯ ᠢ ᠬᠠᠰᠤᠬᠤ ᠲᠠᠩᠰᠠᠨ ᠰᠤᠯᠠᠯᠠᠬᠤ ᠲᠦᠷ ᠭᠢᠨᠳᠠᠨ ᠤ ᠭᠠᠳᠠᠨ᠎ᠠ ᠭᠦᠶᠴᠡᠳᠬᠡᠬᠦ ᠭᠤᠷᠪᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤ ᠲᠤᠰᠬᠠᠶ ᠪᠠᠶᠢᠷᠢᠯᠠᠭᠤᠯᠤᠯᠲᠠ ᠬᠢᠪᠠ      ᠰᠢᠶᠠᠨ ᠤ ᠤᠳᠤᠷᠢᠳᠤᠯᠭ᠎ᠠ ᠲᠢᠶᠠᠨ ᠸᠧᠨ ᠭᠧ᠂ ᠫᠠᠩ ᠯᠢ᠂ ᠸᠧᠢ ᠰᠢᠶᠤᠤ ᠳ᠋ᠦᠩ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠨ᠂ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠰᠢᠶᠠᠨ ᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠯᠢᠨ ᠹᠧᠩ ᠬᠤᠷᠠᠯ ᠢ ᠡᠷᠭᠢᠯᠡᠪᠡ᠃                      
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1