ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ 28 ᠳ᠋ᠤᠭᠠᠷ ᠬᠤᠷᠠᠯᠳᠤᠭᠠᠨ ᠵᠢᠴᠢ 25 ᠳ᠋ᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 30 ᠳ᠋ᠤᠭᠠᠷ ᠤᠳᠠᠭᠠᠨ  ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/4
      ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ  ᠤ 28 ᠳ᠋ᠤᠭᠠᠷ ᠬᠤᠷᠠᠯᠳᠤᠭᠠᠨ ᠵᠢᠴᠢ 25 ᠳ᠋ᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠪᠠ ᠰᠢᠶᠠᠨ  ᠤ ᠠᠷᠠᠳ ᠤᠨ ᠵᠠᠰᠠᠭ ᠤᠨ ᠣᠷᠳᠣᠨ ᠤ 2020 ᠣᠨ ᠤ 30 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ      12 ᠰᠠᠷ᠎ᠠ ᠶᠢᠨ 29   ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ 28 ᠳ᠋ᠤᠭᠠᠷ ᠤᠳᠠᠭ᠎ᠠ ᠶᠢᠨ ᠬᠤᠷᠠᠯ ᠵᠢᠴᠢ 25 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠣᠯᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 30 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠯᠢ ᠰᠢᠨ᠂ ᠵᠤᠤ ᠯᠢ ᠮᠢᠨ᠂ ᠱᠢ ᠯᠢ ᠵᠢᠶᠦ᠋ᠨ᠂ ᠯᠢᠦ ᡁᠢ ᠴᠢᠶᠠᠩ ᠬᠤᠷᠠᠯ ᠳᠤ ᠣᠷᠣᠯᠴᠠᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠭᠰᠠᠨ ᠲᠤᠬᠠᠢ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠠᠴᠠ ᠤᠯᠠᠮᠵᠢᠯᠠᠨ ᠲᠠᠷᠬᠠᠭᠰᠠᠨ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ︽ᠠᠯᠪᠠᠨ ᠲᠤᠰᠢᠶᠠᠯᠲᠠᠨ  ᠤ ᠠᠵᠤ ᠠᠬᠤᠶᠢᠯᠠᠯ ᠳᠤ ᠬᠤᠯᠪᠣᠭᠳᠠᠭᠰᠠᠨ ᠤᠴᠢᠷ ᠶᠠᠪᠤᠳᠠᠯ ᠢ ᠳᠡᠩᠰᠡᠯᠡᠨ ᠮᠡᠳᠡᠭᠦᠯᠬᠦ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠪᠠ᠂ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠴᠢᠩᠭ᠎ᠠ ᠲᠤᠳᠤᠷᠬᠠᠶᠢᠯᠠᠬᠤ ᠲᠤᠬᠠᠶ ᠮᠡᠳᠡᠭᠳᠡᠯ︾ ᠢ ᠤᠯᠠᠮᠵᠢᠯᠠᠨ᠂ ᠯᠢᠦ ᠵᠢᠶ ᠶᠢᠩ ᠨᠥᠬᠦᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠤᠯᠤᠰ ᠲᠥᠷᠥ ᠶᠢᠨ ᠪᠠᠶᠢᠭᠤᠯᠤᠯᠲᠠ ᠪᠣᠯᠤᠨ ᠺᠠᠳ᠋ᠷ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠪᠠ᠂ ᠪᠥᠬᠦ ᠰᠢᠶᠠᠨ  ᠤ ᠨᠠᠮ ᠤᠨ ᠭᠡᠰᠢᠭᠦᠨ ᠤᠳᠤᠷᠢᠳᠬᠤ ᠺᠠᠳ᠋ᠷ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠰᠠᠬᠢᠵᠤ᠂ ᠴᠠᠭ ᠢᠮᠠᠭᠲᠠ ︽ᠬᠤᠶᠠᠷ ᠶᠡᠭᠡ ᠲᠠᠯ᠎ᠠ  ︾   ᠶᠢ ᠪᠠᠭᠲᠠᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠨ ᠤ ᠰᠢᠶᠠᠨ  ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠬᠦ ᠭᠡᠵᠦ ᠪᠠᠶᠢᠭ᠎ᠠ ᠵᠠᠩᠭᠢᠯᠠᠭ᠎ᠠ ᠶᠢᠨ ᠦᠶ᠎ᠡ  ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠪᠥᠬᠦ ᠰᠢᠶᠠᠨ ᠢᠶᠠᠷ ᠢᠶᠠᠨ ᠤᠯᠤᠰ ᠲᠥᠷᠥ  ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠠᠵᠢᠯ ᠤᠨ ᠰᠡᠳᠬᠢᠬᠦᠶ ᠶᠢᠨ ᠬᠡᠯᠪᠡᠷᠢ ᠪᠠᠨ ᠤᠯᠠᠮ ᠴᠢᠨᠠᠭᠰᠢᠳᠠ ᠬᠤᠪᠢᠷᠠᠭᠤᠯᠵᠤ᠂ ᠤᠯᠠᠮᠵᠢᠯᠠᠯᠲᠤ ᠠᠷᠭ᠎ᠠ ᠵᠠᠮ ᠳᠤ ᠲᠦᠰᠢᠭᠯᠡᠬᠦ ᠶᠢ ᠠᠷᠢᠯᠭᠠᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠳᠠᠪᠤᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠶᠯ ᠤᠨ ᠠᠵᠢᠯ ᠢ ᠨᠠᠷᠢᠯᠢᠭ ᠪᠣᠳᠠᠲᠠᠶ ᠠᠳᠬᠤᠵᠤ᠂ ᠪᠥᠬᠦ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ ᠠᠯᠪᠠᠨ ᠲᠤᠰᠢᠶᠠᠯᠲᠠᠨ ᠤ ᠬᠠᠤᠯᠢ ᠲᠣᠭᠲᠠᠭᠠᠯ ᠶᠣᠰᠣᠭᠠᠷ ᠬᠡᠷᠡᠭ ᠡᠷᠬᠢᠯᠡᠬᠦ ᠶᠢ ᠢᠳᠡᠪᠬᠢᠲᠡᠢ ᠰᠢᠮᠳᠠᠭᠤᠯᠤᠨ ᠵᠢᠯᠣᠭᠤᠳᠴᠤ᠂ ᠲᠥᠪ ᠭᠤᠣᠯᠴᠢ ᠠᠷᠢᠭᠤᠨ ᠴᠢᠬᠡᠴᠢ ᠪᠠᠶᠢᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠰᠢᠶᠠᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠮᠠᠨ ᠤ ᠰᠢᠶᠠᠨ ᠤ ᠠᠯᠪᠠᠨ ᠲᠤᠰᠢᠶᠠᠯᠲᠠᠨ ᠤ ᠠᠵᠤ ᠠᠬᠤᠶᠢᠯᠠᠯ ᠳᠤ ᠬᠤᠯᠪᠣᠭᠳᠠᠭᠰᠠᠨ ᠤᠴᠢᠷ ᠶᠠᠪᠤᠳᠠᠯ ᠢ ᠲᠠᠨᠭᠰᠠᠯᠠᠨ ᠮᠡᠳᠡᠭᠦᠯᠬᠦ ᠪᠠ ᠬᠢᠨᠠᠵᠤ ᠪᠠᠶᠢᠴᠠᠭᠠᠬᠤ ᠠᠵᠢᠯ ᠢ ᠬᠢᠨᠠᠮᠠᠭᠠᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠰᠢᠨ᠎ᠡ ᠵᠢᠯ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠤᠯ᠎ᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠪᠠᠶᠠᠷ︾ ᠤᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ  ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠴᠢᠩᠭ᠎ᠠ ᠠᠳᠬᠤᠵᠤ᠂ ᠬᠦᠴᠢᠷᠳᠡᠯᠲᠡᠢ ᠤᠯᠠᠨ ᠲᠦᠮᠡᠨ ᠢ ᠦᠨᠡᠨ ᠰᠡᠳᠬᠢᠯ ᠠᠴᠠ ᠪᠠᠨ ᠬᠠᠶᠢᠷᠠᠯᠠᠨ ᠬᠠᠯᠠᠮᠵᠢᠯᠠᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠥᠷᠭᠡᠨ ᠤᠯᠠᠨ ᠠᠷᠠᠳ ᠲᠦᠮᠡᠨ ᠤ ᠠᠮᠤᠷ ᠠᠮᠤᠭᠤᠯᠠᠩ᠂ ᠪᠠᠶᠠᠷ ᠬᠦᠷ ᠲᠠᠢ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠠᠶᠢᠩᠭᠤ ᠶᠢᠨ ᠬᠤᠷᠠᠯ ᠠᠴᠠ ︽2021 ᠣᠨ ᠤ ᠡᠳ᠋ ᠤᠨ ᠵᠠᠰᠠᠭ ᠤᠨ ᠲᠥᠰᠦᠪ  ︵ᠲᠥᠰᠦᠯ︶︾   ᠢ ᠰᠤᠳᠤᠯᠤᠨ ᠬᠢᠨᠠᠨ ᠵᠥᠪᠯᠡᠪᠡ︔ ︽ᠲᠣᠭᠲᠠᠬᠤ ᠰᠢᠶᠠᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ︵ᠬᠢᠨᠠᠨ ᠵᠥᠪᠰᠢᠶᠡᠷᠡᠭᠦᠯᠬᠦ ᠨᠣᠤᠷᠠᠭ︶︾ ᠶᠢ ᠰᠣᠨᠣᠰᠪᠠ︔ ︽ᠲᠣᠭᠲᠠᠬᠤ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ︵ᠡᠬᠡ ᠨᠣᠤᠷᠠᠭ︶︾ ᠶᠢ ᠰᠤᠳᠤᠯᠤᠨ ᠶᠠᠷᠢᠯᠴᠠᠪᠠ︔ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠬᠢᠨᠠᠭᠤᠯᠬᠤ ᠨᠣᠤᠷᠠᠭ︶︾ ᠵᠡᠷᠭᠡ ᠶᠢ ᠰᠤᠳᠤᠯᠤᠨ ᠶᠠᠷᠢᠯᠴᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1