ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠦᠨᠳᠦᠰᠦᠨ ᠱᠠᠲᠤᠨ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾  ᠤᠨ ᠬᠤᠭᠤᠴᠠᠭ᠎ᠠ ᠰᠣᠯᠢᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃
ᠨᠡᠶᠢᠲᠡᠯᠡᠭᠰᠡᠨ ᠴᠠᠭ᠄
2021/1/4
     ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠦᠨᠳᠦᠰᠦᠨ ᠱᠠᠲᠤᠨ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾   ᠤᠨ ᠬᠤᠭᠤᠴᠠᠭ᠎ᠠ ᠰᠣᠯᠢᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      12 ᠰᠠᠷ᠎ᠠ ᠶᠢᠨ 29   ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠱᠤᠸᠠᠩ ᠾᠧ ᠪᠠᠯᠭᠠᠰᠤᠨ ᠤ ᠴᠢᠶᠠᠨ ᠵᠢᠶᠧ ᠲᠣᠰᠬᠤᠨ᠂ ᠨᠠᠨ ᠵᠢᠶᠧ ᠲᠣᠰᠬᠤᠨ ᠳᠤ ᠬᠦᠷᠴᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠪᠠᠶᠢᠴᠠᠭᠠᠨ ᠰᠤᠳᠤᠯᠪᠠ᠃      ᠱᠤᠸᠠᠩ ᠾᠧ ᠪᠠᠯᠭᠠᠰᠤᠨ ᠤ ᠬᠠᠷᠢᠭᠤᠴᠠᠯᠭᠠᠲᠠᠨ᠂ ᠴᠢᠶᠠᠨ ᠵᠢᠶᠧ ᠲᠣᠰᠬᠤᠨ᠂ ᠨᠠᠨ ᠵᠢᠶᠧ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠨᠠᠮ ᠤᠨ ᠭᠡᠰᠢᠭᠦᠨ ᠤ ᠲᠥᠯᠥᠭᠡᠯᠡᠭᠴᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠯᠢ ᠴᠦᠨ ᠶᠠᠨ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠰᠠᠨᠠᠭᠤᠯᠭ᠎ᠠ︾  ᠶᠢᠨ ᠲᠤᠭᠤᠷᠢᠨ ᠳᠤ᠂ ᠥᠪᠡᠷ ᠤᠨ ᠠᠵᠢᠯ ᠤᠨ ᠪᠣᠳᠠᠲᠤ ᠪᠠᠶᠳᠠᠯ ᠪᠠ ᠰᠤᠷᠤᠯᠴᠠᠭᠰᠠᠨ ᠲᠥᠷᠥᠭᠳᠡᠯ ᠲᠠᠢ ᠪᠠᠨ ᠤᠶᠠᠯᠳᠤᠭᠤᠯᠬᠤ᠂ ᠪᠥᠬᠦᠳᠡ ᠬᠤᠷᠠᠯ ᠤᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠢ ᠲᠣᠳᠣᠷᠬᠠᠶᠢᠯᠠᠨ ᠦᠭᠦᠯᠡᠵᠦ᠂ ᠴᠢᠬᠤᠯᠠ ᠶᠡᠭᠡ ᠪᠦᠬᠦ ᠲᠠᠯ᠎ᠠ ᠶᠢᠨ ᠴᠢᠨᠠᠷᠲᠠᠶ ᠠᠴᠢ ᠬᠤᠯᠪᠣᠭᠳᠠᠯ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠴᠢ ᠬᠤᠯᠪᠣᠭᠳᠠᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ  ᠪᠠᠷ ᠪᠦᠳᠦᠭᠡᠨ ᠪᠠᠶᠢᠭᠤᠯᠬᠤ ᠳᠤ ᠣᠯᠤᠭᠰᠠᠨ ᠰᠢᠶᠳᠪᠦᠷᠢᠯᠡᠭᠴᠢ ᠴᠢᠨᠠᠷᠲᠠᠶ ᠠᠮᠵᠢᠯᠲᠠ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ᠂ 2035 ᠣᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠯᠤᠰ ᠤᠨ ᠬᠠᠷᠠᠯᠲᠠ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠵᠡᠷᠭᠡ ᠶᠢ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠵᠤ ᠭᠦᠨᠵᠡᠭᠡᠶ ᠲᠠᠶᠢᠯᠪᠤᠷᠢᠯᠠᠪᠠ᠃      ᠯᠢ ᠴᠦᠨ ᠶᠠᠨ᠂ ᠴᠢᠶᠠᠨ ᠵᠢᠶᠧ ᠲᠣᠰᠬᠤᠨ᠂ ᠨᠠᠨ ᠵᠢᠶᠧ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠪᠣᠯᠤᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠷᠢᠭᠤᠴᠠᠯᠭ᠎ᠠ ᠪᠠᠨ ᠴᠢᠩᠭᠠᠳᠬᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠣᠳᠣᠬᠠᠨ ᠤ ᠡᠯ᠎ᠡ ᠵᠦᠶᠯ ᠤᠨ ᠪᠣᠳᠠᠲᠠᠶ ᠠᠵᠢᠯ ᠤᠨ ᠳᠤᠮᠳᠠ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢᠨ ᠳᠤᠨᠢ ᠬᠠᠳᠠᠩᠰᠢᠭᠤᠯᠵᠤ ᠰᠡᠳᠬᠢᠯ ᠳᠤ ᠨᠢ ᠬᠠᠳᠠᠩᠰᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠨᠠᠮ ᠤᠨ ᠤᠳᠤᠷᠢᠳᠤᠯᠭ᠎ᠠ ᠶᠢ ᠲᠣᠰᠬᠤᠨ᠂ ᠨᠡᠶᠢᠭᠡᠮ ᠲᠣᠭᠤᠷᠢᠭ ᠤᠨ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠯ᠎ᠡ ᠭᠤᠭᠴᠤᠭ᠎ᠠ ᠪᠠ ᠪᠥᠬᠦ ᠶᠠᠪᠤᠴᠠ ᠳᠤ ᠢᠯᠡᠷᠡᠭᠦᠯᠵᠦ᠂ ᠪᠠᠶᠢᠴᠠᠭᠠᠨ ᠣᠶᠢᠯᠠᠭᠠᠬᠤ ᠠᠵᠢᠯ ᠢ ᠰᠠᠶᠢᠲᠤᠷ ᠬᠢᠵᠦ᠂ ︽ᠬᠤᠶᠠᠷ ᠵᠥᠪᠯᠡᠯ︾   ᠤᠨ ᠪᠠᠭ ᠤᠨ ᠪᠦᠲᠦᠴᠡ᠂ ᠪᠠᠭ ᠤᠨ ᠵᠢᠱᠢᠭᠳᠡᠭᠴᠢ᠂ ᠦᠵᠡᠯ ᠰᠠᠨᠠᠭᠠᠨ ᠤ ᠬᠥᠳᠡᠯᠦᠯ ᠪᠠᠶᠢᠳᠠᠯ᠂ ᠠᠰᠠᠭᠤᠳᠠᠯ ᠬᠦᠴᠢᠷᠳᠡᠯ ᠢ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾   ᠤᠨ ᠬᠤᠭᠤᠴᠠᠭ᠎ᠠ ᠰᠣᠯᠢᠬᠤ ᠡᠮᠦᠨᠡᠬᠢ ᠬᠤᠭᠤᠴᠠᠭᠠᠨ ᠤ ᠰᠠᠭᠤᠷᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ︔ ︽ᠪᠠᠭ ᠢ ᠴᠢᠩᠭ᠎ᠠ ᠲᠤᠬᠢᠷᠠᠭᠤᠯᠬᠤ︾ ᠡᠨᠡᠬᠦ ᠭᠤᠣᠯᠯᠠᠭᠴᠢ ᠶᠢ ᠴᠢᠩᠭ᠎ᠠ ᠠᠩᠬᠠᠷᠴᠤ᠂ ᠰᠣᠩᠭᠤᠵᠤ ᠭᠠᠷᠭᠠᠭᠰᠠᠨ ᠺᠠᠳ᠋ᠷ ᠵᠣᠷᠢᠭᠲᠠᠢ ᠬᠠᠷᠢᠭᠤᠴᠠᠵᠤ᠂ ᠵᠣᠷᠢᠭᠲᠠᠢ ᠡᠭᠦᠷᠭᠡᠯᠡᠵᠦ᠂ ᠴᠢᠳᠠᠮᠠᠭᠠᠢ ᠠᠵᠢᠯᠯᠠᠬᠤ ᠶᠢ ᠪᠠᠲᠤᠯᠠᠬᠤ ᠬᠡᠷᠡᠭᠲᠡᠢ︔ ︽ᠰᠤᠷᠲᠠᠯ ᠴᠢᠬᠡᠴᠢ ᠣᠪᠣᠷ ᠲᠥᠪ  ︾ ᠭᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠬᠤᠭᠤᠴᠠᠭ᠎ᠠ ᠰᠣᠯᠢᠬᠤ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ᠂ ᠲᠡᠮᠦᠷ ᠮᠡᠲᠦ ᠰᠠᠬᠢᠯᠭ᠎ᠠ ᠪᠠᠲᠤ ᠪᠠᠷ ᠬᠤᠭᠤᠴᠠᠭ᠎ᠠ ᠰᠣᠯᠢᠬᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ‌‍ᠭᠡᠵᠦ ᠴᠢᠬᠤᠯᠠᠴᠢᠯᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1