ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠷᠢᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ | 12 ᠳ᠋ᠤᠭᠠᠷ ᠰᠠᠷ᠎ᠠ ᠶᠢᠨ 30 ᠤ ᠡᠳᠦᠷ ᠰᠢᠶᠠᠨ ᠤ ᠠᠷᠪᠠ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶ᠎ᠠ ᠬᠤᠷᠢᠨ ᠲᠠᠪᠤᠳᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠰᠦᠨ ᠰᠢᠶᠦ᠋ᠨ ᠬᠤᠷᠠᠯ ᠡᠷᠭᠢᠯᠡᠪᠡ᠃ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠬᠤᠷᠠᠯ ᠳᠤ ᠣᠷᠣᠯᠴᠠᠪᠠ | ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ᠂ | ᠰᠢᠶᠠᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ | ᠬᠠᠷᠢᠭᠤᠴᠠᠯᠭᠠᠲᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠡᠯ᠎ᠡ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢ ᠵᠢᠴᠢ ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠧᠭᠨᠢᠭ ᠤᠨ ᠤᠬᠠᠭᠠᠨ ᠤ | ᠲᠣᠪᠴᠢᠶ᠎ᠠ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ | ᠣᠷᠣᠯᠴᠠᠵᠠᠶ᠃ | ᠬᠤᠷᠠᠯ ᠠᠴᠠ 2020 ᠣᠨ ᠤ ᠡᠳ᠋ ᠤᠨ ᠵᠠᠰᠠᠭ ᠤᠨ ᠲᠥᠰᠦᠪ ᠲᠤ ᠲᠣᠬᠢᠷᠠᠭᠤᠯᠤᠯᠲᠠ ᠬᠢᠬᠦ ᠲᠤᠬᠠᠶ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠵᠥᠪᠯᠡᠯᠭᠡ ᠶᠢ ᠬᠢᠨᠠᠨ ᠶᠠᠷᠢᠯᠴᠠᠵᠤ ᠪᠠᠲᠤᠯᠠᠪᠠ︔ ᠰᠢᠶᠠᠨ ᠤ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠠᠵᠢᠯ ᠶᠢᠨ ᠦᠨᠡᠯᠡᠯᠲᠡ ᠬᠢᠪᠡ︔ ᠰᠢᠶᠠᠨ | ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ | ᠪᠠᠯᠭᠠᠰᠤᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠵᠢᠯ ᠤᠨ ᠮᠡᠳᠡᠭᠦᠯᠦᠯᠲᠡ ᠪᠠ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠵᠥᠪᠯᠡᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠶ ᠮᠡᠳᠡᠭᠦᠯᠦᠯᠲᠡ ᠶᠢ | ᠰᠣᠨᠣᠰᠪᠠ︔ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠬᠤᠯᠪᠣᠭᠳᠠᠯ ᠪᠥᠬᠦᠶ ᠵᠥᠪᠯᠡᠬᠦ ᠵᠦᠶᠯ ᠪᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠪᠠᠲᠤᠯᠠᠪᠠ᠃ | | ᠰᠦᠨ ᠰᠢᠶᠦ᠋ᠨ᠂ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠰᠠᠬᠢᠵᠤ᠂ | ᠠᠷᠠᠳ ᠲᠦᠮᠡᠨ ᠤ ᠲᠥᠯᠥᠭᠡ ᠠᠵᠢᠯ ᠬᠢᠵᠦ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠰᠢᠨ᠎ᠡ ᠴᠠᠭ | ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠦᠨᠡᠨ ᠪᠣᠳᠠᠲᠠᠢ ᠰᠣᠩᠭᠤᠨ | ᠭᠠᠷᠭᠠᠬᠤ ᠬᠡᠷᠡᠭᠲᠡᠢ᠃ ᠪᠦᠬᠦ ᠲᠠᠯ᠎ᠠ ᠪᠠᠷ ᠲᠥᠯᠥᠪᠵᠢᠭᠦᠯᠵᠦ᠂ ᠥᠨᠳᠥᠷ ᠲᠤ ᠵᠣᠭᠰᠣᠨ ᠠᠯᠤᠰ ᠢ ᠪᠠᠷᠠᠯᠠᠵᠥ᠂ | 2020 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠢᠷᠠᠭᠤᠯᠤᠯᠳᠠ ᠶᠢ ᠦᠨᠡᠨ ᠬᠦ ᠰᠠᠶᠢᠲᠤᠷ ᠬᠢᠬᠦ ᠬᠡᠷᠡᠭᠲᠡᠢ | ᠭᠡᠵᠦ ᠱᠠᠭᠠᠷᠳᠠᠪᠠ᠃ ᠲᠡᠷᠡ᠂ ᠡᠨᠡ ᠵᠢᠯ ᠠᠴᠠ ᠨᠠᠭᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠠᠵᠤ ᠦᠶᠯᠡᠳᠪᠦᠷᠢ ᠶᠢᠨ ᠰᠢᠨᠵᠢᠯᠡᠬᠦ ᠤᠬᠠᠭᠠᠨ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ | ᠵᠡᠷᠭᠡ ᠰᠠᠯᠠᠭ᠎ᠠ ᠮᠥᠴᠢᠷ ᠮᠠᠨ ᠤ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠨᠡᠶᠢᠭᠡᠮ ᠠᠷᠠᠳ | ᠤᠨ ᠠᠮᠢᠳᠤᠷᠠᠯ ᠤᠨ ᠦᠶᠯᠡᠰ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ ᠮᠠᠰᠢ ᠣᠯᠠᠨ ᠪᠦᠲᠦᠮᠵᠢᠲᠡᠶ ᠠᠵᠢᠯ | ᠬᠢᠵᠡᠶ᠂ ᠬᠤᠶᠢᠰᠢᠳᠠ ᠦᠷᠭᠦᠯᠵᠢᠯᠡᠨ ᠠᠵᠢᠯ ᠬᠢᠵᠦ ᠦᠶᠯᠡᠰ ᠪᠤᠰᠬᠠᠬᠤ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠪᠣᠳᠣᠯ ᠢᠶᠠᠨ ᠴᠢᠩᠭᠠᠳᠬᠠᠵᠤ᠂ ᠠᠵᠢᠯ ᠤᠨ ᠠᠷᠭ᠎ᠠ ᠬᠡᠯᠪᠡᠷᠢ ᠪᠠᠨ ᠢᠳᠡᠪᠬᠢᠲᠡᠶ ᠰᠢᠨᠡᠴᠢᠯᠡᠵᠦ᠂ ᠡᠶ᠎ᠡ | ᠵᠣᠬᠢᠴᠠᠩᠭᠤᠶ ᠦᠵᠡᠰᠬᠦᠯᠡᠩᠲᠦ ᠰᠠᠶᠢᠬᠠᠨ ᠲᠣᠭᠲᠠᠬᠤ ᠶᠢ ᠡᠭᠦᠳᠦᠨ ᠪᠠᠶᠢᠭᠤᠯᠬᠤ ᠶᠢᠨ ᠲᠥᠯᠥᠭᠡ ᠦᠷᠭᠦᠯᠵᠢᠯᠡᠨ | ᠴᠢᠷᠮᠠᠶᠢᠨ ᠲᠡᠮᠡᠴᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃ |