ᠲᠤᠭᠳᠠᠬᠤ ᠰᠢᠶᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠤᠷᠠᠯ ᠬᠤᠷᠠᠯᠳᠤᠭᠤᠯᠵᠤ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/1/6
     ᠲᠤᠭᠳᠠᠬᠤ ᠰᠢᠶᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠤᠷᠠᠯ ᠬᠤᠷᠠᠯᠳᠤᠭᠤᠯᠵᠤ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ      1 ᠳ᠋ᠤᠭᠡᠷ ᠰᠠᠷ᠎ᠠ ᠶᠢᠨ 3   ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠤᠷᠤᠯᠠᠭᠴᠢ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢᠦ ᠵᠢᠶ ᠶᠢᠩ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠪᠠᠶᠢᠨ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠠᠯᠠᠭ᠎ᠠ ᠮᠥᠴᠢᠷ ᠤᠨ  ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠵᠤ᠂ ᠲᠠᠶᠢᠪᠤᠰᠢᠷᠠᠬᠤ ᠪᠣᠳᠣᠯ᠂ ᠭᠤᠷᠢᠳᠠᠬᠤ ᠪᠣᠳᠣᠯ ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠨ ᠪᠣᠳᠠᠲᠠᠶᠢᠵᠢᠭᠤᠯᠵᠤ᠂ ︽ᠬᠥᠮᠦᠨ︾ ︽ᠪᠣᠳᠠᠰ︾   ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ ᠢ ᠡᠷᠡᠰ ᠲᠠᠰᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠠᠯᠳᠠᠭ᠎ᠠ ᠪᠤᠷᠤᠭᠤ ᠪᠠᠨ ᠪᠥᠬᠦ ᠲᠠᠯ᠎ᠠ ᠪᠠᠷ ᠪᠠᠶᠢᠴᠠᠭᠠᠨ ᠨᠥᠬᠦᠪᠥᠷᠢᠯᠡᠵᠦ᠂ ᠰᠡᠷᠭᠡᠶᠢᠯᠡᠨ ᠡᠵᠡᠮᠳᠡᠬᠦ ᠠᠵᠢᠯ ᠳᠤ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠬᠢᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠦᠶᠯᠡᠳᠦᠯ ᠢᠶᠠᠨ ᠦᠨᠡᠨ ᠬᠦ ᠪᠠᠳᠠᠷᠠᠭᠤᠯᠤᠨ᠂ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ  ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠴᠢᠩᠭ᠎ᠠ ᠠᠳᠬᠤᠵᠤ ᠪᠣᠳᠠᠲᠠᠶ ᠠᠳᠬᠤᠨ ᠨᠠᠷᠢᠯᠢᠭ ᠠᠳᠬᠤᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃      ᠰᠢᠶᠠᠨ ᠤ ᠤᠳᠤᠷᠢᠳᠤᠯᠭ᠎ᠠ ᠲᠢᠶᠠᠨ ᠯᠢ ᠵᠢᠶᠦ᠋ᠨ᠂ ᠯᠦ ᠢᠦᠢ ᠵᠦᠩ ᠵᠢᠴᠢ ᠡᠯ᠎ᠡ ᠪᠠᠯᠭᠠᠰᠤ᠂ ᠾᠧ ᠺᠸᠤ  ᠶᠢᠨ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠶᠢᠨ ᠬᠦᠷᠢᠶᠡᠯᠡᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1