ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠢᠨᠵᠧᠨᠧᠷᠢᠩ ᠪᠣᠯ ᠮᠠᠨ ᠤ | ᠰᠢᠶᠠᠨ ᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠦᠨ᠂ ᠶᠡᠷᠦᠩᠬᠡᠶ ᠲᠠᠯᠠᠪᠠᠶ ᠨᠢ 10 | ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠲᠥᠯᠥᠪᠵᠢᠭᠦᠯᠭᠡ ᠪᠠᠷ 499 ᠡᠪᠡᠳᠴᠢᠲᠡᠨ ᠤ ᠣᠷᠣ | ᠪᠠᠶᠢᠭᠤᠯᠵᠤ᠂ ᠭᠤᠤᠯᠳᠠᠭᠤ ᠡᠭᠦᠳᠡᠨ ᠡᠮᠨᠡᠯᠭᠡ ᠶᠢᠨ ᠠᠰᠠᠷ᠂ ᠡᠮᠴᠢᠯᠡᠭᠡ ᠶᠢᠨ ᠮᠡᠷᠭᠡᠵᠢᠯ ᠤᠨ ᠠᠰᠠᠷ᠂ ᠡᠮᠨᠡᠯᠭᠡ ᠳᠤ | ᠰᠠᠭᠤᠬᠤ ᠠᠰᠠᠷ ᠵᠢᠴᠢ ᠢᠵᠢ ᠪᠦᠷᠢᠳᠦᠭᠦᠯᠬᠦ ᠢᠨᠵᠧᠨᠧᠷᠢᠩ ᠵᠡᠷᠭᠡ ᠶᠢ ᠪᠠᠶᠢᠭᠤᠯᠵᠠᠶ᠃ ᠣᠳᠣᠬᠠᠨ ᠳᠤ᠂ ᠰᠢᠨ᠎ᠡ | ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ᠂ ᠡᠮᠴᠢᠯᠡᠭᠡ ᠶᠢᠨ ᠮᠡᠷᠭᠡᠵᠢᠯ ᠤᠨ ᠠᠰᠠᠷ᠂ ᠡᠮᠨᠡᠯᠭᠡ ᠳᠤ | ᠰᠠᠭᠤᠬᠤ ᠠᠰᠠᠷ ᠤᠨ ᠪᠠᠷᠢᠯᠭ᠎ᠠ᠂ ᠵᠠᠰᠠᠯ ᠴᠢᠮᠡᠭᠯᠡᠯ ᠤᠨ ᠠᠵᠢᠯ ᠦᠨᠳᠦᠰᠦᠨ ᠳᠡᠭᠡᠨ ᠳᠠᠭᠤᠰᠴᠤ᠂ ᠠᠵᠢᠯᠴᠢᠳ | ᠡᠳᠦᠷ ᠰᠥᠨᠢ ᠥᠬᠡᠶ ᠴᠠᠭ ᠨᠡᠮᠡᠵᠦ ᠠᠵᠢᠯᠯᠠᠨ᠂ ᠲᠥᠷᠥᠯ ᠵᠦᠶᠯ ᠤᠨ ᠰᠡᠭᠦᠯ ᠬᠤᠷᠢᠶᠠᠬᠤ ᠠᠵᠢᠯ ᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠷᠢᠭᠤᠨ ᠴᠡᠪᠡᠷ ᠤᠨ ᠺᠣᠮᠫᠠᠨᠢ ᠠᠴᠠ ᠪᠥᠬᠦ ᠲᠠᠯ᠎ᠠ ᠪᠠᠷ | ᠠᠷᠢᠭᠤᠨ ᠴᠡᠪᠡᠷ ᠤᠨ ᠠᠵᠢᠯ ᠬᠢᠵᠦ ᠡᠬᠢᠯᠡᠪᠡ᠃ | | ᠣᠶᠢᠯᠠᠭᠠᠭᠰᠠᠨ ᠢᠶᠠᠷ᠂ ᠲᠣᠭᠲᠠᠬᠤ ᠰᠢᠶᠠᠨ ᠤ ᠰᠢᠨ᠎ᠡ ᠡᠮᠨᠡᠯᠭᠡ ᠶᠢᠨ ᠬᠤᠷᠢᠶᠠᠨ ᠤ ᠬᠤᠳᠠᠯᠳᠤᠨ ᠠᠪᠤᠭᠰᠠᠨ | 64 ᠮᠥᠷ CT᠂ DR᠂ ᠪᠸᠢᠢᠲ᠋ᠧᠮᠠᠨ ᠠᠮᠢᠳᠤ ᠪᠣᠳᠠᠰ ᠤᠨ ᠬᠢᠮᠢ ᠶᠢᠨ ᠴᠤᠪᠤᠷᠠᠯ ᠱᠤᠭᠤᠮ᠂ ᠴᠢᠰᠤ | ᠴᠡᠪᠡᠷᠰᠢᠭᠦᠯᠬᠦ ᠮᠠᠰᠢᠨ ᠵᠡᠷᠭᠡ ᠶᠢ ᠨᠢᠭᠡᠨᠲᠡ ᠤᠭᠰᠠᠷᠠᠵᠤ ᠳᠠᠭᠤᠰᠬᠠᠭᠠᠳ ᠣᠲᠣ ᠶᠠᠭ ᠶᠠᠭᠠᠷᠠᠯᠲᠠᠶ ᠲᠣᠬᠢᠷᠠᠭᠤᠯᠵᠤ | ᠪᠠᠶᠢᠨ᠎ᠠ᠃ ᠡᠭᠦᠨ ᠤ ᠬᠠᠮᠲᠤ᠂ ᠴᠥᠮ᠎ᠡ ᠶᠢᠨ ᠰᠣᠷᠢᠨᠵᠢᠨ ᠳᠠᠷᠪᠢᠯᠲᠠ ᠶᠢᠨ ᠬᠡᠮᠵᠢᠭᠦᠷᠯᠢᠭ᠂ ᠬᠥᠬᠦᠨ ᠪᠤᠯᠴᠢᠷᠬᠠᠶ | ᠶᠢᠨ ᠮᠤᠯᠢᠪᠳᠧᠨ ᠤ ᠫᠠᠯᠠᠳᠢ᠂ ᠬᠤᠳᠣᠭᠤᠳᠣ ᠭᠡᠳᠡᠰᠦᠨ ᠤ ᠵᠠᠮ ᠤᠨ ᠳᠦᠷᠰᠦ ᠪᠦᠲᠦᠭᠡᠬᠦ ᠮᠠᠰᠢᠨ ᠵᠡᠷᠭᠡ | ᠬᠡᠮᠵᠢᠭᠦᠷᠯᠢᠭ ᠢ ᠶᠠᠭ ᠤᠤᠯ ᠤᠨ ᠡᠮᠨᠡᠯᠭᠡ ᠶᠢᠨ ᠬᠤᠷᠢᠶ᠎ᠠ ᠠᠴᠠ ᠰᠢᠨ᠎ᠡ ᠡᠮᠨᠡᠯᠭᠡ ᠶᠢᠨ ᠬᠤᠷᠢᠶ᠎ᠠ ᠳᠤ ᠨᠡᠭᠦᠯᠭᠡᠵᠦ | ᠪᠠᠶᠢᠨ᠎ᠠ᠂ ᠤᠤᠯ ᠤᠨ ᠡᠮᠨᠡᠯᠭᠡ ᠶᠢᠨ ᠬᠤᠷᠢᠶ᠎ᠠ ᠨᠢ ᠮᠥᠨ ᠯᠡ ᠨᠢᠭᠡ ᠢᠵᠢ ᠪᠦᠷᠢᠨ ᠲᠥᠬᠦᠭᠡᠷᠦᠮᠵᠢ ᠲᠠᠢ ᠪᠠᠶᠢᠵᠤ᠂ | ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠭᠦᠶᠴᠡᠳ ᠬᠠᠩᠭᠠᠵᠤ ᠴᠢᠳᠠᠨ᠎ᠠ᠃ ᠡᠮᠨᠡᠯᠭᠡ ᠶᠢᠨ | ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠢ ᠶᠠᠭ ᠤᠭᠰᠠᠷᠠᠨ ᠲᠣᠬᠢᠷᠠᠭᠤᠯᠵᠤ ᠪᠠᠶᠢᠨ᠎ᠠ᠂ 16 | ᠮᠥᠷ CT᠂ ᠡᠭᠦᠳᠡᠨ ᠡᠮᠨᠡᠯᠭᠡ ᠶᠢᠨ ᠰᠢᠷᠡᠭᠡ ᠰᠠᠨᠳᠠᠯᠢ ᠵᠡᠷᠭᠡ ᠨᠢ ᠶᠠᠭ ᠲᠡᠭᠡᠭᠡᠪᠦᠷᠢᠯᠡᠬᠦ ᠵᠠᠮ ᠳᠠᠭᠠᠨ ᠪᠠᠶᠢᠨ᠎ᠠ᠂ | ᠵᠢᠱᠢᠯᠲᠡ ᠪᠠᠷ ᠳᠠᠷᠠᠭ᠎ᠠ ᠭᠠᠷᠠᠭ ᠲᠤ ᠪᠠᠷᠠᠭ᠎ᠠ ᠬᠦᠷᠭᠡᠵᠦ ᠢᠷᠡᠨ᠎ᠡ᠃ | | | | ᠮᠠᠨ ᠤ ᠰᠢᠶᠠᠨ ᠤ ︽ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ︾ ᠭᠤᠤᠯᠳᠠᠯᠭ᠎ᠠ ᠲᠠᠢ | ᠲᠥᠷᠥᠯ ᠵᠦᠶᠯ ᠪᠣᠯᠤᠭᠰᠠᠨ ᠤ ᠬᠤᠪᠢ ᠳᠤ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠨᠡᠭᠦᠯᠭᠡᠨ | ᠪᠠᠶᠢᠭᠤᠯᠬᠤ ᠢᠨᠵᠧᠨᠧᠷᠢᠩ ᠨᠢ ᠶᠡᠷᠦ ᠠᠴᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ | ᠪᠠᠷ ᠴᠢᠬᠤᠯᠠᠴᠢᠯᠠᠵᠤ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠣᠯᠠᠨ | ᠤᠳᠠᠭ᠎ᠠ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠶ ᠶᠢᠨ ᠲᠠᠯᠠᠪᠠᠢ ᠶᠢᠨ ᠠᠵᠢᠯ ᠤᠨ ᠬᠤᠷᠠᠯ | ᠬᠤᠷᠠᠯᠳᠤᠭᠤᠯᠵᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠤᠮᠳᠠ ᠲᠤᠯᠭᠠᠷᠠᠭᠰᠠᠨ | ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠪᠡ᠂ ᠠᠵᠢᠯ ᠶᠢᠨ ᠲᠤᠰᠬᠠᠶ ᠠᠩᠭᠢ ᠪᠠᠶᠢᠭᠤᠯᠵᠦ᠂ | ᠲᠥᠷᠥᠯ ᠵᠦᠶᠯ ᠢ ᠵᠣᠬᠢᠶᠠᠨ ᠪᠠᠢᠭᠤᠯᠵᠤ ᠸᠢᠴᠠᠲ ᠤᠨ ᠴᠤᠭᠯᠠᠷᠠᠯ ᠪᠠᠶᠢᠭᠤᠯᠤᠨ ᠢᠶᠠᠷ᠂ ᠲᠥᠷᠥᠯ ᠵᠦᠶᠯ ᠤᠨ ᠪᠠᠷᠢᠯᠭ᠎ᠠ | ᠶᠢᠨ ᠠᠵᠢᠯ ᠢ ᠴᠠᠭ ᠲᠤᠬᠠᠶ ᠳᠤᠨᠢ ᠰᠤᠳᠤᠯᠤᠨ ᠲᠤᠬᠢᠷᠠᠭᠤᠯᠵᠦ᠂ ᠨᠡᠭᠦᠯᠭᠡᠨ ᠪᠠᠶᠢᠭᠤᠯᠬᠤ ᠪᠠᠷᠢᠯᠭ᠎ᠠ ᠵᠡᠷᠭᠡ ᠡᠯ᠎ᠡ | ᠵᠦᠢᠯ ᠤᠨ ᠠᠵᠢᠯ ᠢ ᠤᠤᠯ ᠤᠨ ᠲᠥᠯᠥᠪᠯᠡᠭᠡ ᠶᠣᠰᠣᠭᠠᠷ ᠤᠷᠤᠭᠰᠢᠲᠠᠶ ᠲᠦᠯᠬᠢᠨ ᠠᠬᠢᠭᠤᠯᠬᠤ ᠶᠢ ᠦᠨᠡᠨᠬᠦ | ᠪᠠᠳᠤᠯᠠᠪᠠ᠃ ᠰᠢᠨ᠎ᠡ ᠡᠮᠨᠡᠯᠭᠡ ᠶᠢᠨ ᠬᠤᠷᠢᠶ᠎ᠠ ᠶᠢ ᠡᠷᠲᠡᠬᠡᠨ ᠠᠰᠢᠭᠯᠠᠯᠲᠠ ᠳᠤ ᠤᠷᠤᠭᠤᠯᠬᠤ ᠨᠢ ᠮᠠᠨ ᠤ ᠰᠢᠶᠠᠨ ᠤ | ᠥᠷᠭᠡᠨ ᠣᠯᠠᠨ ᠠᠷᠠᠳ ᠲᠦᠮᠡᠨ ᠳᠤ ᠨᠡᠩ ᠴᠢᠨᠠᠷ ᠰᠠᠶᠢᠲᠠᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠡᠷᠲᠡᠬᠡᠨ ᠡᠳ᠋ᠯᠠᠭᠦᠯᠬᠦ ᠪᠤᠯᠤᠨ᠎ᠠ᠃v |