ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2021/10/1
       ᠤᠯᠤᠰ ᠤᠨ ᠪᠠᠶᠠᠷ ᠤᠨ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠡᠷᠬᠡ ᠲᠡᠭᠰᠢ ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠲᠣᠭᠲᠠᠭᠤᠨ ᠡᠮᠬᠢ ᠳᠢᠭᠯᠢᠮ ᠲᠠᠢ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠥᠷᠭᠡᠨ ᠣᠯᠠᠨ ᠠᠷᠠᠳ ᠲᠦᠮᠡᠨ ᠢ ᠠᠮᠤᠷ ᠲᠦᠪᠰᠢᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠢ ᠡᠳ᠋ᠯᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠤᠯᠤᠰ ᠤᠨ ᠪᠠᠶᠠᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
     ᠨᠢᠭᠡ᠂ ᠢᠳᠡᠭᠡᠨ ᠤ ᠠᠦᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ      ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠡᠷᠡᠭᠯᠡᠭᠡ ᠵᠢᠴᠢ ᠵᠠᠬ᠎ᠠ ᠳᠡᠯᠭᠡᠭᠦᠷ ᠤᠨ ᠣᠨᠴᠠᠯᠢᠭ ᠲᠤ ᠴᠢᠭᠯᠡᠭᠦᠯᠦᠨ᠂ ᠢᠳᠡᠭᠡᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠮᠢᠬᠠᠨ ᠪᠦᠲᠦᠭᠡᠭᠳᠡᠬᠦᠨ᠂ ᠤᠰᠤᠨ ᠪᠦᠲᠦᠭᠡᠭᠳᠡᠬᠦᠨ᠂ ᠴᠠᠭᠠᠨ ᠢᠳᠡᠭᠡᠨ᠂ ᠠᠷᠢᠬᠢᠨ ᠵᠦᠢᠯ᠂ ᠪᠣᠭᠤᠷᠰᠤᠭ᠂ ᠤᠮᠳᠠᠭᠠᠨ᠂ ᠤᠨᠴᠠᠯᠢᠬᠳᠤ ᠣᠷᠣᠨ ᠨᠤᠲᠤᠭ ᠤᠨ ᠦᠨᠦᠷ ᠠᠮᠲᠠ ᠵᠡᠷᠭᠡ ᠪᠠᠷ ᠭᠤᠣᠯᠳᠠᠯᠭ᠎ᠠ ᠲᠠᠢ ᠲᠥᠷᠥᠯ ᠵᠦᠢᠯ ᠪᠣᠯᠭᠠᠨ᠂ ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ᠂ ᠢᠳᠡᠭᠡᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠂ ᠬᠤᠳᠠᠯᠳᠤᠭᠠᠨ ᠤ ᠳᠡᠯᠭᠡᠭᠦᠷ ᠬᠡᠳᠦ ᠳᠡᠯᠭᠡᠭᠦᠷ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠵᠡᠷᠭᠡ ᠪᠠᠷ ᠭᠤᠣᠯᠳᠠᠯᠭ᠎ᠠ ᠲᠠᠢ ᠭᠠᠵᠠᠷ᠂ ᠢᠳᠡᠭᠡᠨ ᠤ ᠠᠶᠦᠯᠭᠦᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠢᠳᠡᠭᠡᠨ ᠦᠢᠯᠡᠳᠪᠦᠷᠢᠯᠡᠵᠦ ᠡᠵᠡᠩᠨᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠠᠶᠦᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠪᠠ᠃      ᠬᠤᠶᠠᠷ᠂ ᠡᠮ ᠲᠠᠩ  ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ      ᠡᠮ ᠲᠠᠩ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ ᠤᠨ ᠡᠵᠡᠩᠨᠡᠵᠦ ᠪᠠᠶᠢᠭ᠎ᠠ ᠡᠮ ᠲᠠᠩ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠢᠷᠡᠯᠲᠡ ᠨᠢ ᠬᠠᠤᠯᠢ ᠶᠣᠰᠣᠨ ᠳᠤ ᠨᠡᠶᠢᠴᠡᠬᠦ ᠡᠰᠡᠬᠦ᠂ ᠱᠣᠰᠢᠭ᠎ᠠ ᠲᠡᠮᠳᠡᠭ ᠤᠨ ᠲᠣᠳᠣᠷᠬᠠᠶᠢᠯᠠᠯᠲᠠ ᠶᠣᠰᠣᠭᠠᠷ ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠢ ᠬᠠᠳᠠᠭᠠᠯᠠᠵᠤ ᠡᠵᠡᠩᠨᠡᠵᠦ ᠪᠠᠶᠢᠬᠤ ᠡᠰᠡᠬᠦ᠂ ᠭᠤᠷᠪᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠳᠤ ᠬᠦᠴᠦᠨ ᠪᠥᠬᠦᠶ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃      ᠭᠤᠷᠪᠠ᠂ ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ‌‍ᠶᠢ ᠴᠢᠩᠭᠠᠳᠬᠠᠪᠠ      ᠬᠡᠮᠵᠢᠯᠲᠡ ᠶᠢᠨ ᠬᠠᠮᠢᠶᠠᠷᠤᠯᠲᠠ ᠶᠢᠨ ᠵᠢᠯᠣᠭᠤᠳᠬᠤ ᠦᠢᠯᠡᠴᠢᠯᠡᠭᠡ ᠶᠢ ᠭᠦᠨᠵᠡᠭᠡᠶ ᠥᠷᠨᠢᠭᠦᠯᠵᠦ᠂ ᠲᠥᠷᠥᠯ ᠬᠤᠪᠢᠶᠠᠨ ᠬᠢᠨᠠᠨ ᠬᠠᠮᠢᠶᠠᠷᠤᠯᠳᠠ ᠶᠢ ᠠᠬᠢᠭᠤᠯᠤᠨ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠬᠠᠤᠯᠢ ᠠᠴᠠ ᠵᠥᠷᠢᠴᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠪᠠ᠃ ᠪᠠᠶᠠᠷ ᠤᠨ ᠡᠳᠦᠷ ᠤᠨ ᠬᠤᠭᠤᠴᠠᠭᠠᠨ ᠳᠤ ᠲᠣᠰᠣ ᠨᠡᠮᠡᠬᠦ ᠮᠠᠰᠢᠨ᠂ ᠵᠢᠩᠯᠡᠭᠦᠷ᠂ ᠡᠯᠧᠺᠲᠷᠣᠨ ᠵᠢᠩᠯᠡᠭᠦᠷ ᠵᠡᠷᠭᠡ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠡᠮᠵᠢᠯᠲᠡ ᠶᠢᠨ ᠪᠠᠭᠠᠵᠢ ᠬᠡᠷᠡᠭᠰᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠵᠢᠩ ᠯᠠᠩ ᠳᠤᠲᠠᠬᠤ᠂ ᠬᠡᠮᠵᠢᠯᠲᠡ ᠳᠤ ᠬᠡᠮ ᠦᠢᠯᠡᠳᠬᠦ ᠵᠡᠷᠭᠡ ᠵᠠᠬ᠎ᠠ ᠳᠡᠯᠭᠡᠭᠦᠷ ᠤᠨ ᠬᠡᠮᠵᠢᠯᠲᠡ ᠶᠢᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠬᠠᠤᠯᠢ ᠪᠤᠰᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠬᠡᠮᠵᠢᠶ᠎ᠡ ᠲᠠᠢ ᠪᠠᠷ ᠪᠣᠭᠤᠳᠠᠯᠯᠠᠬᠤ ᠲᠠᠸᠠᠷ ᠤᠨ ᠴᠡᠪᠡᠷ ᠠᠭᠤᠯᠤᠭᠳᠠᠴᠠ ᠪᠠ ᠲᠠᠸᠠᠷ ᠤᠨ ᠪᠣᠭᠤᠳᠠᠯ ᠳᠤ ᠪᠠᠶᠢᠴᠠᠭᠠᠯᠲᠠ ᠬᠢᠵᠦ᠂ ᠬᠡᠮᠵᠢᠶ᠎ᠡ ᠲᠠᠢ ᠪᠠᠷ ᠪᠣᠭᠤᠳᠠᠯᠯᠠᠬᠤ ᠴᠡᠪᠡᠷ ᠠᠭᠤᠯᠤᠭᠳᠠᠴᠠ ᠶᠢᠨ ᠲᠠᠯ᠎ᠠ ᠪᠠᠷ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠲᠠᠸᠠᠷ ᠢ ᠬᠡᠲᠦ ᠪᠣᠭᠤᠳᠠᠯᠯᠠᠬᠤ ᠵᠡᠷᠭᠡ ᠬᠡᠷᠡᠭᠯᠡᠭᠴᠢᠳ ᠢ ᠮᠡᠬᠡᠯᠡᠬᠦ ᠬᠠᠤᠯᠢ ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠪᠡ᠃
     ᠳᠥᠷᠪᠡ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ      ᠨᠢᠭᠡ ᠳᠤ᠂ ᠵᠠᠬ᠎ᠠ ᠳᠡᠯᠭᠡᠭᠦᠷ ᠤᠨ ᠡᠳ᠋ ᠪᠣᠳᠠᠰ ᠤᠨ ᠬᠠᠩᠭᠠᠯᠭ᠎ᠠ ᠶᠢᠨ ᠦᠨ᠎ᠡ ᠬᠠᠩᠰᠢ ᠶᠢᠨ ᠪᠠᠶᠢᠴᠠᠭᠠᠯᠲᠠ ᠤᠯᠤᠰ ᠤᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠡᠯ᠎ᠡ ᠲᠣᠮᠣ ᠬᠡᠲᠦ ᠳᠡᠯᠭᠡᠭᠦᠷ᠂ ᠲᠤᠰᠬᠠᠶ ᠡᠵᠡᠩᠨᠡᠯᠲᠡ ᠶᠢᠨ ᠳᠡᠯᠭᠡᠭᠦᠷ᠂ ᠵᠠᠬ᠎ᠠ ᠳᠡᠯᠭᠡᠭᠦᠷ ᠵᠡᠷᠭᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠬᠡᠷᠡᠭᠯᠡᠭᠡᠨ ᠤ ᠬᠡᠮᠵᠢᠶ᠎ᠡ ᠶᠡᠬᠡᠪᠡᠷ ᠨᠡᠮᠡᠭᠳᠡᠭᠰᠡᠨ ᠠᠮᠤ ᠪᠤᠳᠠᠭ᠎ᠠ᠂ ᠲᠣᠰᠣ᠂ ᠮᠢᠬ᠎ᠠ᠂ ᠵᠢᠭᠦᠷᠲᠡᠨ᠂ ᠥᠨᠳᠡᠭᠡ᠂ ᠴᠠᠭᠠᠨ ᠢᠳᠡᠭᠡ ᠵᠡᠷᠭᠡ ᠢᠳᠡᠭᠡᠨ ᠪᠠ ᠡᠳ᠋ ᠪᠣᠳᠠᠰ ᠤᠨ ᠬᠠᠩᠭᠠᠯᠭ᠎ᠠ ᠶᠢᠨ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠦ᠂ ᠤᠯᠤᠰ ᠤᠨ ᠪᠠᠶᠠᠷ ᠤᠨ ᠡᠳᠦᠷ ᠤᠨ ᠬᠤᠭᠤᠴᠠᠭᠠᠨ ᠳᠤ ᠮᠠᠭᠤ ᠪᠠᠷ ᠰᠠᠶᠢᠨ ᠢ ᠣᠷᠣᠯᠠᠭᠤᠯᠬᠤ᠂ ᠵᠢᠩ ᠯᠠᠩ ᠳᠤᠲᠠᠭᠤᠯᠬᠤ᠂ ᠪᠠᠷᠠᠭᠠᠨ ᠤ ᠦᠨ᠎ᠡ ᠶᠢ ᠲᠦᠷᠬᠢᠬᠦᠯᠦᠨ ᠥᠰᠬᠡᠬᠦ ᠵᠡᠷᠭᠡ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠨ᠎ᠡ᠃ ᠬᠤᠶᠠᠷ ᠲᠤ᠂ ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠪᠠᠷ ᠭᠤᠣᠯᠳᠠᠯᠭ᠎ᠠ ᠪᠣᠯᠭᠠᠨ᠂ ᠵᠠᠬ᠎ᠠ ᠳᠡᠯᠭᠡᠭᠦᠷ ᠤᠨ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠶᠢ ᠢᠯᠡ ᠲᠡᠮᠳᠡᠭᠯᠡᠭᠰᠡᠨ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠵᠤ᠂ ᠦᠨ᠎ᠡ ᠬᠠᠩᠰᠢ ᠶᠢᠨ ᠥᠰᠥᠯᠲᠡ ᠶᠢᠨ ᠮᠡᠳᠡᠭᠡ ᠵᠠᠩᠭᠢ ᠶᠢ ᠬᠤᠳᠠᠯ ᠢᠶᠠᠷ ᠵᠣᠬᠢᠶᠠᠬᠤ᠂ ᠲᠠᠷᠬᠠᠭᠠᠬᠤ᠂ ᠬᠠᠷᠢᠯᠴᠠᠨ ᠰᠥᠯᠪᠡᠭᠡᠯᠳᠦᠬᠦ ᠶᠢ ᠴᠠᠭᠠᠵᠢᠯᠠᠪᠠ᠃      ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠴᠢᠩᠭᠠᠳᠬᠠᠪᠠ      ᠨᠠᠮᠤᠷ ᠡᠪᠦᠯ ᠤᠨ ᠤᠯᠠᠷᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠱᠠᠭᠠᠷᠳᠠᠯᠭ᠎ᠠ ᠶᠣᠰᠣᠭᠠᠷ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠵᠢᠴᠢ ᠡᠯ᠎ᠡ ᠲᠥᠷᠥᠯ ᠤᠨ ᠡᠵᠡᠩᠨᠡᠯᠲᠡ ᠶᠢᠨ ᠡᠷᠦᠬᠡ ᠶᠢᠨ ᠬᠠᠮᠢᠶᠠᠷᠤᠨ ᠡᠵᠡᠮᠳᠡᠬᠦ ᠪᠠ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠠᠵᠢᠯᠲᠠᠨ ᠤ ᠠᠮᠠᠪᠴᠢ ᠵᠡᠭᠦᠬᠦ᠂ ᠳᠡᠯᠭᠡᠭᠦᠷ ᠲᠤ ᠣᠷᠣᠭᠰᠠᠳ ᠤᠨ ᠨᠣᠮᠧᠷ ᠢ ᠰᠢᠷᠪᠢᠬᠦ᠂ ᠡᠵᠡᠩᠨᠡᠯᠲᠡ ᠶᠢᠨ ᠲᠠᠯᠠᠪᠤᠷ ᠭᠠᠵᠠᠷ ᠢ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠨᠠᠶᠢᠳᠠᠪᠦᠷᠢᠵᠢᠭᠤᠯᠪᠠ᠃ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢ ᠰᠢᠮᠳᠠᠭᠤᠯᠵᠤ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ ᠵᠡᠷᠭᠡ ᠡᠮ ᠲᠠᠩ ᠬᠤᠳᠠᠯᠳᠤᠨ ᠠᠪᠤᠭᠰᠠᠳ ᠤᠨ ᠮᠡᠳᠡᠭᠡ ᠵᠠᠩᠭᠢ ᠶᠢᠨ ᠲᠡᠮᠳᠡᠭᠯᠡᠯ ᠢ ᠰᠠᠶᠢᠲᠤᠷ ᠬᠢᠵᠦ᠂ ᠬᠥᠳᠡᠯᠦᠩᠭᠦᠶ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠬᠡᠪ ᠤᠨ ᠪᠤᠰᠤ ᠪᠠᠶᠢᠳᠠᠯ᠂ ᠭᠡᠨᠡᠳᠲᠡ ᠶᠢᠨ ᠬᠡᠷᠡᠭ ᠢ ᠡᠷᠲᠡ ᠢᠯᠡᠷᠡᠭᠦᠯᠵᠦ᠂ ᠡᠷᠲᠡ ᠰᠡᠷᠭᠡᠶᠢᠯᠡᠨ᠂ ᠡᠷᠲᠡ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠲᠥᠬᠦᠮ ᠦᠵᠡᠭᠦᠯᠦᠨ᠎ᠡ᠃
     ᠵᠢᠷᠭᠤᠭ᠎ᠠ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ‌‍ᠰᠠᠬᠢᠬᠤ ᠠᠵᠢᠯ ᠢ ᠰᠠᠶᠢᠳᠤᠷ ᠬᠢᠪᠡ      ᠤᠯᠤᠰ ᠤᠨ ᠪᠠᠶᠠᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ᠂ ᠴᠢᠬᠤᠯᠠ ᠶᠡᠭᠡ ᠤᠴᠢᠷ ᠶᠠᠪᠤᠳᠠᠯ ᠢ ᠮᠡᠳᠡᠭᠦᠯᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠵᠡᠷᠭᠡ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠵᠠᠭᠠᠯᠳᠤᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠰᠠᠭᠠᠳ ᠥᠬᠡᠶ ᠨᠡᠪᠲᠡᠷᠡᠭᠦᠯᠵᠦ᠂ ᠬᠡᠷᠡᠭᠯᠡᠭᠴᠢᠳ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠵᠠᠬ᠎ᠠ ᠳᠡᠯᠭᠡᠭᠦᠷ ᠤᠨ ᠠᠮᠤᠷ ᠲᠦᠪᠰᠢᠨ᠂ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃ ᠬᠡᠷᠡᠭᠯᠡᠭᠴᠢᠳ ᠲᠤ ᠰᠠᠨᠠᠭᠤᠯᠬᠤ ᠨᠢ᠂ ᠲᠠᠨ ᠤ ᠬᠠᠤᠯᠢ ᠶᠣᠰᠣᠨ ᠤ ᠡᠷᠬᠡ ᠠᠰᠢᠭ ᠴᠢᠨᠢ ᠬᠤᠬᠢᠷᠠᠯ ᠳᠤ ᠤᠴᠠᠷᠠᠭᠰᠠᠨ ᠪᠤᠶᠤ ᠬᠠᠤᠯᠢ ᠠᠴᠠ ᠵᠥᠷᠢᠴᠡᠨ ᠡᠵᠡᠩᠨᠡᠭᠰᠡᠨ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤᠨᠢ 12315 ᠵᠠᠭᠠᠯᠳᠤᠯᠭ᠎ᠠ ᠶᠢᠨ ᠤᠲᠠᠰᠤ ᠶᠢ ᠤᠲᠠᠰᠤᠳᠠᠭᠠᠷᠠᠶ᠃
     ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠦᠨᠡᠨᠬᠦ ᠭᠦᠢᠴᠡᠳᠬᠡᠵᠦ᠂ ᠠᠮᠠᠷᠠᠯᠲᠠ ᠶᠢᠨ ᠡᠳᠦᠷ ᠤᠨ ᠪᠠᠶᠢᠴᠠᠭᠠᠯᠲᠠ᠂ ᠴᠠᠭ ᠵᠦᠷᠢᠭᠦᠯᠦᠨ ᠪᠠᠶᠢᠴᠠᠭᠠᠯᠲᠠ ᠶᠢ ᠥᠷᠨᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠮᠤᠷ ᠲᠦᠪᠰᠢᠨ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠤᠯᠲᠠ ᠶᠢᠨ ᠴᠢᠭ ᠪᠣᠯᠭᠠᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠦᠨᠡᠨᠬᠦ ᠰᠠᠬᠢᠨ ᠬᠠᠮᠠᠭᠠᠯᠠᠵᠤ᠂ ᠤᠯᠠᠨ ᠲᠦᠮᠡᠨ ᠤ ᠪᠠᠶᠠᠷ ᠤᠨ ᠡᠳᠦᠷ ᠤᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1