ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠤᠬᠠᠶ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2021/10/1
ᠮᠠᠨ ᠤ ᠰᠢᠶᠠᠨ ᠤ ᠠᠭᠠᠷ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠷᠠᠳ ᠢᠷᠭᠡᠳ ᠲᠤ ᠬᠦᠬᠡ ᠲᠩᠷᠢ ᠴᠠᠭᠠᠨ ᠡᠭᠦᠯᠡ᠂ ᠤᠳᠤᠨ ᠮᠡᠴᠢᠳ ᠭᠢᠯᠠᠯᠵᠠᠵᠤ᠂ ᠮᠠᠨ ᠤ ᠰᠢᠶᠠᠨ ᠤ ᠠᠭᠠᠷ ᠤᠨ ᠴᠡᠪᠡᠷᠰᠢᠯ ᠢ ᠬᠠᠮᠠᠭᠠᠯᠠᠬᠤ ᠠᠵᠢᠯ ᠤᠨ ᠢᠯᠠᠯᠲᠠ ᠶᠢ ᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠤᠳᠤ ᠳᠣᠣᠷᠠᠬᠢ ᠮᠡᠲᠦ ᠵᠠᠷᠯᠠᠶ᠎ᠠ᠄      ᠨᠢᠭᠡ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠦᠬᠦ ᠵᠢᠯ ᠳᠤ ᠶᠠᠮᠠᠷᠪᠠ ᠨᠢᠭᠡᠴᠢ ᠪᠠ ᠬᠤᠪᠢ ᠬᠥᠮᠦᠨ ᠤ ᠲᠠᠷᠢᠮᠠᠯ ᠤᠨ ᠡᠰᠢ ᠰᠦᠷᠡᠯ ᠢ ᠵᠠᠳᠠᠭᠠᠢ ᠪᠠᠷ ᠰᠢᠲᠠᠭᠠᠬᠤ ᠶᠢ ᠪᠦᠬᠦ ᠣᠷᠣᠨ ᠢᠶᠠᠷ ᠢᠶᠠᠨ ᠴᠠᠭᠠᠵᠠᠯᠠᠨ᠎ᠠ᠃      ᠬᠤᠶᠠᠷ᠂ ᠵᠠᠳᠠᠭᠠᠶ ᠡᠰᠢ ᠰᠦᠷᠡᠯ ᠢ ᠰᠢᠲᠠᠭᠠᠵᠤ ᠤᠲᠤᠭ᠎ᠠ ᠲᠣᠭᠤᠰᠣᠨ ᠤ ᠪᠣᠬᠢᠷᠲᠤᠯ ᠪᠣᠳᠠᠰ ᠡᠭᠦᠰᠭᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠵᠠᠭᠤ ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ᠂ ᠵᠠᠭᠤ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠢᠨᠠᠨ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠵᠦ ᠪᠣᠯᠤᠨ᠎ᠠ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠪᠤᠶᠤ ᠣᠶ ᠰᠢᠭᠤᠶ᠂ ᠡᠪᠡᠰᠦᠲᠦ ᠭᠠᠵᠠᠷ᠂ ᠪᠠᠷᠢᠯᠭ᠎ᠠ ᠵᠡᠷᠭᠡ ᠶᠢᠨ ᠭᠠᠯ ᠤᠨ ᠭᠠᠮᠰᠢᠭ ᠤᠨ ᠠᠳᠡᠯ ᠭᠠᠷᠭᠠᠭᠰᠠᠨ ᠪᠠᠶᠢᠪᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠣᠶ ᠰᠢᠭᠤᠶ᠂ ᠲᠠᠷᠢᠶᠠᠯᠠᠩ ᠮᠠᠯ ᠠᠵᠤ ᠠᠬᠤᠶ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠣᠰ ᠲᠣᠰ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠵᠠᠳᠠᠭᠠᠶ ᠲᠠᠷᠢᠮᠠᠯ ᠤᠨ ᠡᠰᠢ ᠰᠦᠷᠡᠯ ᠢ ᠰᠢᠲᠠᠭᠠᠵᠤ᠂ ᠠᠳᠡᠯ ᠠᠴᠠ ᠪᠤᠯᠵᠤ ᠭᠠᠯ ᠭᠠᠷᠤᠭᠰᠠᠨ ᠪᠣᠯᠪᠠᠴᠤ ᠶᠠᠯ᠎ᠠ ᠪᠤᠯᠵᠤ ᠪᠦᠷᠢᠯᠳᠦᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠶᠢᠨ ᠵᠢᠷᠠᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ 10 ᠡᠳᠦᠷ ᠠᠴᠠ ᠳᠡᠭᠡᠭᠰᠢ 15 ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠳᠬᠡᠵᠦ᠂ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ ᠪᠣᠯᠤᠨ᠎ᠠ︔ ᠥᠢᠯᠡ ᠪᠠᠶᠢᠳᠠᠯ ᠨᠢ ᠬᠥᠡᠭᠭᠡᠨ ᠪᠠᠶᠢᠪᠠᠯ ᠳᠣᠩᠭᠤᠳᠬᠤ ᠪᠤᠶᠤ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠶ᠋ᠳᠬᠡᠨ᠎ᠡ᠃      ᠲᠦᠷᠪᠡ᠂ ᠵᠠᠳᠠᠭᠠᠶ ᠭᠠᠵᠠᠷ ᠲᠤ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠬᠤ ᠬᠡᠷᠡᠭᠲᠡᠶ᠃ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠲᠦᠷᠦ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠭᠡᠯ ᠤᠨ ᠬᠠᠤᠯᠢ︾ ᠶᠢᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠂ ᠳᠣᠩᠭᠤᠳᠬᠤ ᠪᠤᠶᠤ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠭᠡᠨ᠎ᠡ︔ ᠥᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ 5 ᠡᠳᠦᠷ ᠠᠴᠠ ᠳᠡᠭᠡᠭᠰᠢ 10 ᠡᠳᠦᠷ ᠠᠴᠠ ᠳᠣᠭᠤᠭᠰᠢ ᠲᠥᠷ ᠬᠤᠷᠢᠬᠤ ᠪᠠᠷ ᠰᠢᠳᠭᠡᠵᠦ᠂ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠤᠨ᠎ᠠ᠃ ᠲᠠᠷᠢᠮᠠᠯ ᠤᠨ ᠡᠰᠢ ᠰᠦᠷᠡᠯ ᠢ ᠰᠢᠲᠠᠭᠠᠭᠠᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ᠂ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠨᠢ ᠡᠰᠢ ᠰᠦᠷᠡᠯ ᠢ ᠵᠠᠳᠠᠭᠠᠶ ᠰᠢᠲᠠᠭᠠᠬᠤ ᠶᠢ ᠴᠠᠭᠠᠵᠠᠯᠠᠬᠤ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠢᠮᠠᠯ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠲᠤᠰᠬᠠᠶ ᠬᠥᠮᠦᠨ ᠲᠣᠮᠢᠯᠠᠨ ᠲᠣᠰᠬᠤᠨ ᠲᠠᠢ ᠬᠤᠯᠪᠣᠭᠠᠯᠠᠨ ᠳᠠᠭᠠᠳᠬᠠᠯ ᠢ ᠳᠠᠭᠠᠭᠠᠴᠢᠯᠠᠭᠤᠯᠵᠤ᠂ ᠤᠬᠠᠭᠤᠯᠬᠤ᠂ ᠲᠣᠭᠤᠷᠢᠨ ᠪᠠᠶᠢᠴᠠᠭᠠᠬᠤ᠂ ᠢᠳᠬᠠᠨ ᠬᠤᠷᠢᠭᠯᠠᠬᠤ ᠠᠵᠢᠯ ᠢ ᠥᠷᠨᠢᠭᠦᠯᠬᠦ ᠬᠡᠷᠡᠭᠲᠡᠶ᠃ ᠠᠵᠢᠯ ᠳᠠᠭᠠᠨ ᠬᠦᠴᠦᠨ ᠥᠬᠡᠶ ᠠᠴᠠ ᠪᠣᠯᠵᠣ ᠡᠰᠢ ᠰᠦᠷᠡᠯ ᠢ ᠰᠢᠲᠠᠭᠠᠵᠤ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠵᠢᠷᠭᠤᠭ᠎ᠠ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠬᠢᠨ ᠡᠰᠢ ᠰᠦᠷᠡᠯ ᠢ ᠵᠠᠳᠠᠭᠠᠶ ᠰᠢᠲᠠᠭᠠᠬᠤ ᠶᠢ ᠴᠠᠭᠠᠵᠠᠯᠠᠬᠤ ᠳᠤ ᠪᠣᠳᠠᠲᠠᠶ ᠬᠠᠷᠢᠭᠤᠴᠠᠯᠭ᠎ᠠ ᠡᠭᠦᠷᠭᠡᠯᠡᠵᠦ᠂ ᠤᠬᠠᠭᠤᠯᠬᠤ᠂ ᠳᠠᠶᠢᠴᠢᠯᠠᠬᠤ᠂ ᠪᠠᠶᠢᠴᠠᠭᠠᠬᠤ ᠵᠡᠷᠭᠡ ᠡᠯ᠎ᠡ ᠵᠦᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠰᠢ ᠰᠦᠷᠡᠯ ᠢ ᠵᠠᠳᠠᠭᠠᠶ ᠰᠢᠲᠠᠭᠠᠬᠤ ᠶᠢ ᠴᠠᠭᠠᠵᠠᠯᠠᠬᠤ ᠲᠤᠬᠠᠶ ᠮᠡᠳᠡᠬᠦ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ ᠬᠥᠲᠥᠯᠦᠨ ᠵᠢᠯᠣᠭᠤᠳᠬᠤ᠂ ᠲᠣᠭᠤᠷᠢᠨ ᠪᠠᠶᠢᠴᠠᠭᠠᠬᠤ᠂ ᠢᠳᠬᠠᠨ ᠬᠤᠷᠢᠭᠯᠠᠬᠤ ᠶᠢ ᠴᠢᠩᠭᠠᠳᠬᠠᠵᠤ᠂ ᠢᠳᠬᠠᠨ ᠬᠤᠷᠢᠭᠯᠠᠬᠤ ᠶᠢ ᠥᠯᠥ ᠰᠣᠨᠣᠰᠤᠭᠰᠠᠳ ᠢ ᠴᠠᠭ ᠲᠤᠬᠠᠶ ᠳᠤᠨᠢ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠵᠢᠴᠢ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠳᠣᠯᠤᠭ᠎ᠠ᠂ ᠨᠡᠶᠢᠭᠡᠮ ᠤᠨ ᠡᠯ᠎ᠡ ᠡᠲᠡᠭᠡᠳ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠳ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠤᠬᠠᠶ ᠤᠬᠠᠭᠤᠯᠭ᠎ᠠ ᠪᠠ ᠬᠢᠨᠠᠯᠲᠠ ᠪᠠᠨ ᠴᠢᠩᠭᠠᠳᠬᠠᠵᠤ᠂ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢᠨ ᠴᠢᠬᠤᠯᠠ ᠠᠴᠢ ᠬᠤᠯᠪᠣᠭᠳᠠᠯ ᠪᠠ ᠬᠤᠯᠪᠣᠭᠳᠠᠯ ᠪᠥᠬᠦᠶ ᠲᠣᠭᠲᠠᠭᠠᠯ ᠢ ᠶᠡᠬᠡᠪᠡᠷ ᠤᠬᠠᠭᠤᠯᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠤᠯᠪᠣᠭᠳᠠᠯ ᠪᠥᠬᠦᠶ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠵᠢᠷᠤᠮᠯᠠᠭᠤᠯᠵᠤ᠂ ᠲᠠᠷᠢᠮᠠᠯ ᠤᠨ ᠡᠰᠢ ᠰᠦᠷᠡᠯ ᠢ ᠰᠢᠲᠠᠭᠠᠬᠤ ᠠᠵᠢᠯᠯᠠᠭ᠎ᠠ ᠶᠢ ᠡᠷᠡᠰ ᠵᠣᠭᠰᠣᠭᠠᠬᠤ ᠬᠡᠷᠡᠭᠲᠡᠶ᠃ ᠡᠭᠦᠨ ᠤ  ᠵᠡᠷᠭᠡᠪᠡᠷ ᠲᠠᠷᠢᠮᠠᠯ ᠤᠨ ᠡᠰᠢ ᠰᠦᠷᠡᠯ ᠢ ᠵᠠᠳᠠᠭᠠᠶ ᠰᠢᠲᠠᠭᠠᠵᠤ ᠪᠠᠶᠢᠭ᠎ᠠ ᠦᠵᠡᠭᠳᠡᠯ ᠢ ᠢᠯᠡᠴᠢᠯᠡᠨ᠎ᠡ᠃      ᠨᠠᠢᠮᠠ᠂ ᠥᠷᠭᠡᠨ ᠣᠯᠠᠨ ᠠᠷᠠᠳ ᠲᠦᠮᠡᠨ ᠤ ᠵᠠᠳᠠᠭᠠᠶ ᠡᠰᠢ ᠰᠦᠷᠡᠯ ᠢ ᠰᠢᠲᠠᠭᠠᠵᠤ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠢᠯᠡᠴᠢᠯᠡᠨ ᠮᠡᠳᠡᠭᠦᠯᠬᠦ ᠤᠲᠠᠰᠤ᠄ ᠡᠷᠡᠭᠦᠯ ᠬᠠᠮᠠᠭᠠᠯᠠᠯ ᠤᠷᠴᠢᠨ ᠲᠤᠭᠤᠷᠢᠨ ᠤ ᠬᠤᠪᠢᠶᠠᠷᠢ ᠲᠣᠪᠴᠢᠶ᠎ᠠ 8515984︔ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 8515567︔ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ 8512276︔ ᠱᠤᠸᠠᠩ ᠾᠧ ᠪᠠᠯᠭᠠᠰᠤ 8513751 ᠰᠢᠨ᠎ᠡ ᠶᠢᠩᠽᠢ ᠪᠠᠯᠭᠠᠰᠤ 8615307  ᠲᠠᠪᠢᠨ ᠭᠡᠷ ᠪᠠᠯᠭᠠᠰᠤ 8671252︔ ᠭᠦ᠋ ᠴᠧᠩ ᠪᠠᠯᠭᠠᠰᠤ 8631009  ᠦᠦᠰᠢᠨ ᠪᠠᠯᠭᠠᠰᠤ 8620015 ᡽ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ 8560185 ᠪᠣᠯᠤᠨ᠎ᠠ᠃ ᠢᠯᠡᠴᠢᠯᠡᠨ ᠮᠡᠳᠡᠭᠦᠯᠦᠭᠰᠡᠨ ᠢ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ᠢᠯᠡᠴᠢᠯᠡᠨ ᠮᠡᠳᠡᠭᠦᠯᠦᠭᠰᠡᠨ ᠬᠡᠷᠡᠭ ᠤᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠢᠯᠡᠴᠢᠯᠡᠨ ᠮᠡᠳᠡᠭᠦᠯᠦᠭᠴᠢ ᠶᠢ ᠱᠠᠩᠨᠠᠨ᠎ᠠ᠃      ᠶᠢᠰᠦ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃          ᠡᠭᠦᠨ ᠤ ᠲᠤᠯᠠ ᠣᠨᠴᠠᠭᠠᠶᠢᠯᠠᠨ ᠵᠠᠷᠯᠠᠪᠠ᠃      2021 ᠣᠨ ᠤ 9 ᠳ᠋ᠤᠭᠡᠷ ᠰᠠᠷ᠎ᠠ ᠶᠢᠨ 27 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1