ᠯᠢ ᠴᠦᠨ ᠶᠠᠨ ᠠᠵᠤ ᠦᠢᠯᠡᠳᠪᠦᠷᠢ ᠶᠢᠨ ᠬᠦᠷᠢᠶᠡᠯᠡᠩ ᠤᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠄ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠣᠯᠭ᠎ᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠬᠥᠭᠵᠢᠯᠲᠡ ᠶᠢ ᠭᠦᠢᠴᠡᠵᠦ ᠳᠠᠪᠠᠭ᠋ᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2021/10/11
      10 ᠳ᠋ᠤᠭᠠᠷ ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠣᠯᠭ᠎ᠠ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ ᠬᠥᠭᠵᠢᠯᠲᠡ ᠶᠢ ᠬᠥᠭᠡᠭᠡᠵᠦ ᠭᠦᠢᠴᠡᠨ ᠳᠠᠪᠠᠵᠤ ᠭᠠᠷᠬᠤ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
     ᠯᠢ ᠴᠦᠨ ᠶᠠᠨ ᠨᠠᠷ ᠤᠷᠢᠳ ᠬᠤᠵᠢᠳ ᠥᠪᠥᠷ ᠮᠣᠩᠭᠤᠯ ᠤᠨ ᠳ᠋ᠠ ᠲᠠᠩ ᠤᠨ ᠣᠯᠠᠨ ᠤᠯᠤᠰ ᠤᠨ ᠲᠣᠭᠲᠠᠬᠤ ᠴᠠᠬᠢᠯᠭᠠᠨ ᠦᠢᠯᠡᠳᠬᠦ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠵᠦ᠂ ᠥᠪᠥᠷ ᠮᠣᠩᠭᠤᠯ ᠤᠨ ᠶᠢᠨ ᠳ᠋ᠡ ᠸᠧᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠠᠩ ᠱᠧᠩ ᠡᠮ ᠤᠨ ᠬᠢᠵᠠᠭᠠᠷᠲᠤ ᠺᠣᠮᠫᠠᠨᠢ᠂ ᠶᠢᠨ ᠾᠧ ᠠᠮᠢᠳᠤ ᠪᠣᠳᠠᠰ ᠤᠨ ᠵᠢᠯ ᠳᠤ 52000 ᠲᠣᠨ ᠮᠠᠯ ᠤᠨ ᠡᠮ ᠤᠨ ᠳᠡᠰ ᠤᠨ ᠥᠨᠳᠥᠷ ᠦᠷ᠎ᠡ ᠠᠰᠢᠭᠲᠤ ᠶᠢᠨ ᠮᠧᠶ ᠰᠦ᠋ ᠵᠢᠴᠢ 1000 ᠲᠣᠨ ᠳᠠᠪᠤᠰᠤᠨ ᠬᠦᠴᠢᠯ ᠤᠨ ᠶᠢᠨ ᠮᠧᠶ ᠰᠦ᠋ ᠶᠢᠨ ᠲᠦᠭᠦᠬᠡᠶ ᠮᠠᠲ᠋ᠧᠷᠢᠶᠠᠯ ᠤᠨ ᠡᠮ ᠤᠨ ᠲᠥᠷᠥᠯ ᠵᠦᠢᠯ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ᠲᠥᠷᠥᠯ ᠵᠦᠢᠯ ᠤᠨ ᠠᠬᠢᠴᠠ᠂ ᠦᠢᠯᠡᠳᠪᠦᠷᠢᠯᠡᠯ ᠤᠨ ᠠᠵᠢᠯᠯᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂  ᠠᠶᠦᠯᠭᠦᠢ ᠦᠢᠯᠡᠳᠪᠦᠷᠢᠯᠡᠯ᠂ ᠡᠨᠧᠷᠭᠢ ᠶᠢᠨ ᠬᠤᠷᠣᠭᠳᠠᠯ ᠵᠡᠷᠭᠡ ᠪᠠᠶᠢᠳᠠᠯ ᠢ ᠨᠠᠷᠢᠨ ᠤᠶᠢᠯᠠᠭᠠᠪᠠ᠃
     ᠡᠨᠡ ᠵᠢᠯ ᠨᠡᠭᠦᠷᠡᠰᠦᠨ ᠤ ᠦᠨ᠎ᠡ ᠦᠷᠭᠦᠯᠵᠢᠯᠡᠨ ᠳᠡᠭᠡᠭᠰᠢᠯᠡᠵᠦ᠂ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠥᠪᠡᠷ ᠤᠨ ᠥᠷᠲᠡᠭ ᠢ ᠳᠡᠭᠡᠭᠰᠢᠯᠡᠭᠦᠯᠪᠡ᠃ ᠳ᠋ᠠ ᠲᠠᠩ ᠤᠨ ᠴᠠᠬᠢᠯᠭᠠᠨ ᠦᠢᠯᠡᠳᠪᠦᠷᠢ ᠶᠢᠨ ᠺᠣᠮᠫᠠᠨᠢ ᠳᠤ᠂ ᠯᠢ ᠴᠦᠨ ᠶᠠᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠮᠡᠷᠭᠡᠵᠢᠯ ᠤᠨ ᠥᠭᠡᠷᠡᠴᠢᠯᠡᠯᠲᠡ᠂ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠷᠡ ᠠᠵᠤ ᠠᠬᠤᠶᠢᠯᠠᠯ ᠤᠨ ᠲᠣᠭᠲᠠᠬᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠦᠢᠯᠡᠳᠦᠯ ᠢ ᠭᠦᠢᠴᠡᠳ ᠨᠤᠲᠠᠯᠠᠭᠰᠠᠨ ᠤ ᠬᠠᠮᠲᠤ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠰᠢᠨ᠎ᠡ ᠳᠠᠪᠠᠭᠤᠯᠢᠭ ᠢ ᠢᠳᠡᠪᠬᠢᠲᠡᠢ ᠪᠤᠶᠢᠵᠢᠭᠤᠯᠵᠤ᠂ ᠠᠵᠤ ᠠᠬᠤᠶᠢᠯᠠᠯ ᠤᠨ ᠥᠷᠢᠰᠥᠯᠳᠦᠭᠡᠨ ᠤ ᠳᠠᠪᠠᠭᠤᠯᠢᠭ ᠪᠣᠯᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢ ᠵᠣᠷᠢᠭᠵᠢᠭᠤᠯᠪᠠ
      ᠶᠢᠨ ᠳ᠋ᠠ ᠸᠧᠢ ᠺᠣᠮᠫᠠᠨᠢ ᠳᠤ᠂ ᠯᠢ ᠴᠦᠨ ᠶᠠᠨ ᠦᠢᠯᠡᠳᠬᠦᠨ ᠤ ᠦᠢᠯᠡᠳᠪᠦᠷᠢᠯᠡᠯ ᠤᠨ ᠤᠷᠠᠯᠠᠯ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠠᠬᠢᠴᠠ᠂ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠬᠢᠨ ᠠᠵᠤ ᠦᠢᠯᠡᠰ ᠤᠨ ᠬᠡᠯᠬᠢᠶ᠎ᠡ ᠪᠠᠨ ᠴᠢᠨᠠᠭᠰᠢᠳᠠ ᠤᠷᠲᠤᠳᠬᠠᠵᠤ᠂ ᠠᠵᠤ ᠦᠢᠯᠡᠰ ᠤᠨ ᠲᠡᠰ ᠳᠡᠪᠰᠢᠬᠦ ᠠᠯᠬᠤᠴᠠ ᠪᠠᠨ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠱᠠᠭᠠᠷᠳᠠᠪᠠ᠃ ᠴᠠᠩ ᠱᠧᠩ ᠡᠮ ᠦᠢᠯᠡᠳᠬᠦ ᠺᠣᠮᠫᠠᠨᠢ ᠳᠤ᠂ ᠯᠢ ᠴᠦᠨ ᠶᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠣᠨᠴᠠᠭᠠᠶᠢᠯᠠᠨ ᠬᠠᠴᠢᠨ ᠦᠨᠦᠷ ᠢ ᠵᠠᠰᠠᠬᠤ ᠶᠢ ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠠᠴᠠ ᠴᠢᠬᠤᠯᠠ ᠵᠦᠢᠯ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠵᠢᠦ ᠲᠠᠢ ᠰᠢᠨ᠎ᠡ ᠮᠠᠲ᠋ᠧᠷᠢᠶᠠᠯ ᠤᠨ ᠺᠣᠮᠫᠠᠨᠢ ᠳᠤ᠂ ᠯᠢ ᠴᠦᠨ ᠶᠠᠨ ᠵᠢᠯ ᠳᠤ 100 ᠲᠦᠮᠡᠨ ᠲᠣᠨ ᠡᠲ᠋ᠠᠨᠳᠢᠤᠯ ᠦᠢᠯᠡᠳᠪᠦᠷᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠵᠦ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠢᠲᠡᠭᠡᠯ ᠵᠣᠷᠢᠭ ᠢᠶᠠᠨ ᠪᠠᠲᠤᠳᠬᠠᠵᠤ᠂ ᠠᠬᠢᠴᠠ ᠶᠢ ᠠᠮᠵᠢᠨ ᠠᠳᠬᠤᠵᠤ᠂ ᠲᠦᠷᠦᠯ ᠵᠦᠢᠯ ᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ︽ᠠᠰᠠᠷᠠᠭᠴᠢ ᠮᠠᠶ᠋ᠢᠭ︾ ᠤᠨ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ  ᠰᠢᠢᠳᠪᠦᠷᠢᠯᠡᠵᠦ᠂ ᠲᠥᠷᠥᠯ ᠵᠦᠢᠯ ᠤᠨ ᠡᠷᠲᠡᠬᠡᠨ ᠦᠢᠯᠡᠳᠪᠦᠷᠢᠯᠡᠯ ᠳᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
      ᠶᠢᠨ ᠾᠧ ᠶᠢᠨ ᠠᠮᠢᠳᠤ ᠪᠣᠳᠠᠰ ᠤᠨ ᠵᠢᠯ ᠳᠤ 52000 ᠲᠣᠨ ᠮᠠᠯ ᠤᠨ ᠡᠮ ᠤᠨ ᠲᠠᠰ ᠤᠨ ᠥᠨᠳᠥᠷ ᠦᠷ᠎ᠡ ᠠᠰᠢᠭᠲᠤ ᠶᠢᠨ ᠮᠧᠶ ᠰᠦ ᠵᠢᠴᠢ 1000 ᠲᠣᠨ ᠳᠠᠪᠤᠰᠤᠨ ᠬᠦᠴᠢᠯ ᠤᠨ ᠶᠢᠨ ᠮᠧᠶ ᠰᠦ ᠶᠢᠨ ᠲᠦᠭᠦᠬᠡᠶ ᠮᠠᠲ᠋ᠧᠷᠢᠶᠠᠯ ᠤᠨ ᠡᠮ ᠤᠨ ᠲᠥᠷᠥᠯ ᠵᠦᠢᠯ ᠪᠣᠯᠤᠨ ᠶᠢᠨ ᠾᠧ ᠶᠢᠨ ᠶᠢᠦ ᠹᠧᠨ ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ ᠳᠤ᠂ ᠯᠢ ᠴᠦᠨ ᠶᠠᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠡᠯ᠎ᠡ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠭᠡᠵᠢᠯ ᠵᠢᠴᠢ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠯᠢ ᠴᠦᠨ ᠶᠠᠨ᠂ ᠠᠵᠤ ᠠᠬᠤᠶᠢᠯᠠᠯ ᠤᠨ ᠬᠢᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠭᠦᠢᠴᠡᠳ ᠰᠠᠶᠢᠲᠤᠷ ᠬᠡᠷᠡᠭᠯᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠨᠵᠡᠭᠡᠢ ᠠᠭᠤᠳᠠᠯᠵᠤ᠂ ᠬᠥᠭᠵᠢᠯᠲᠡ ᠶᠢᠨ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠠᠵᠤ ᠦᠢᠯᠡᠰ ᠤᠨ ᠬᠥᠭᠵᠢᠯᠲᠡ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠲᠦᠷᠦᠯ ᠲᠡᠮᠳᠡᠭ ᠤᠨ ᠣᠨᠴᠠᠯᠢᠭ ᠢ ᠴᠤᠤᠷᠢᠶᠠᠲᠤᠭᠤᠯᠵᠤ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠬᠦᠰᠡᠵᠦ ᠪᠠᠶᠢᠨ᠎ᠠ ᠭᠡᠵᠡᠢ᠃      ᠯᠢ ᠴᠦᠨ ᠶᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠳᠤᠷᠠᠳᠤᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽︿ᠭᠤᠷᠪᠠᠨ ᠬᠤᠲᠠ﹀ ᠶᠢ ᠴᠢᠷᠮᠠᠶᠢᠨ ᠪᠠᠶᠢᠭᠤᠯᠵᠤ᠂ ︿ᠳᠥᠷᠪᠡᠨ ᠣᠷᠣᠨ ᠪᠦᠰᠡ ᠶᠢᠨ ᠲᠥᠪ﹀ ᠢ ᠴᠣᠭᠴᠠᠯᠠᠨ ᠪᠠᠶᠢᠭᠤᠯᠵᠤ᠂ ︿ᠳᠥᠷᠪᠡᠨ ᠶᠡᠭᠡ ᠠᠵᠤ ᠠᠬᠤᠶ ᠶᠢᠨ ᠬᠦᠷᠢᠶ᠎ᠡ﹀ ᠳᠤ ᠠᠭᠤᠰᠤᠯᠴᠠᠬᠤ ᠶᠢ ᠠᠬᠢᠭᠤᠯᠤᠨ᠂ ︿ᠲᠠᠪᠤᠨ ᠲᠣᠬᠢᠷᠠᠮᠵᠢᠲᠠᠶ ᠬᠤᠲᠠ﹀ ᠶᠢ ᠪᠥᠲᠥᠭᠡᠨ ᠪᠠᠶᠢᠭᠤᠯᠵᠤ᠂ ︿ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ﹀ ᠢ ᠪᠤᠶᠢᠵᠢᠭᠤᠯᠬᠤ︾ ᠬᠥᠭᠵᠢᠯᠲᠡ ᠶᠢᠨ ᠰᠡᠳᠬᠢᠴᠡ ᠶᠣᠰᠣᠭᠠᠷ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢᠶᠠᠷ ᠵᠢᠯᠣᠭᠤᠳᠣᠯᠭ᠎ᠠ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠴᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠬᠦᠴᠦ ᠪᠠᠨ ᠬᠠᠮᠲᠤᠳᠬᠠᠨ ᠠᠬᠢᠭᠤᠯᠵᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠡᠭᠦᠨ ᠤ ᠬᠠᠮᠲᠤ᠂ ᠭᠠᠳᠠᠭᠠᠳᠤ ᠣᠷᠣᠭᠤᠯᠤᠯᠲᠠ ᠶᠢ ᠰᠡᠷᠭᠡᠶᠢᠯᠡᠬᠦ᠂ ᠳᠣᠲᠣᠭᠠᠳᠤ ᠰᠡᠷᠭᠡᠶᠢᠯᠡᠯᠲᠡ ᠶᠢᠨ ᠳᠠᠬᠢᠨ ᠰᠡᠷᠭᠦᠬᠦ ᠶᠢ ᠡᠷᠬᠡᠪᠰᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠰᠦᠨ ᠬᠠᠢ ᠱᠧᠩ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1