ᠪᠦᠬᠦ ᠰᠢᠶᠠᠨ ᠤ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/11
      ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ  ᠨᠠᠶᠢᠳᠠᠪᠦᠷᠢᠵᠢᠭᠤᠯᠵᠦ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠦᠯᠦᠭᠡ᠂ 10 ᠳ᠋ᠤᠭᠠᠷ ᠰᠠᠷ᠎ᠠ ᠶᠢᠨ 8 ᠤ ᠡᠳᠦᠷ᠂ ᠲᠣᠭᠲᠠᠬᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠪᠦᠬᠦ ᠰᠢᠶᠠᠨ ᠤ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠲᠦᠮᠡᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ ᠬᠤᠷᠠᠯ ᠳᠤ ᠣᠷᠣᠯᠴᠠᠪᠠ᠃ ᠡᠯ᠎ᠡ ᠪᠠᠯᠭᠠᠰᠤ ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠰᠢᠶᠠᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠪᠠ᠃      ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠪᠣᠯ ᠴᠢᠨᠠᠷ ᠰᠠᠶᠢᠲᠠᠢ ᠬᠥᠭᠵᠢᠯᠲᠡ᠂ ᠨᠡᠶᠢᠭᠡᠮ ᠤᠨ ᠲᠣᠭᠲᠠᠭᠤᠨ ᠪᠠ ᠤᠯᠤᠰ ᠤᠨ ᠥᠨᠢ ᠤᠳᠠᠭᠠᠨ ᠤ ᠠᠮᠤᠷ ᠲᠣᠭᠲᠠᠭᠤᠨ ᠢ ᠪᠡᠶᠡᠯᠡᠭᠦᠯᠬᠦ ᠴᠢᠬᠤᠯᠠ ᠪᠣᠳᠠᠰ ᠤᠨ ᠰᠠᠭᠤᠷᠢ ᠮᠥᠨ᠃ ᠡᠯ᠎ᠡ ᠬᠤᠯᠪᠣᠭᠳᠠᠯ ᠪᠥᠬᠦᠶ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢᠨ ᠨᠢᠭᠡᠴᠢ ᠵᠢᠴᠢ ᠡᠯ᠎ᠡ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠤᠰᠬᠠᠶ ᠴᠡᠭᠴᠡᠯᠡᠨ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ︔ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠴᠠᠭ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ︔ ᠲᠦᠷᠢᠮ ᠤᠨ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠨ᠎ᠡ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠢᠯᠠᠩᠭᠤᠶ᠎ᠠ ᠤᠬᠠᠭᠤᠯᠤᠨ ᠮᠡᠳᠡᠭᠡᠯᠡᠬᠦ ᠶᠢ ᠴᠢᠩᠭ᠎ᠠ ᠡᠵᠡᠮᠳᠡᠵᠦ᠂ ᠬᠥᠭᠡᠷᠭᠡᠳᠡᠯ ᠭᠠᠷᠭᠠᠬᠤ ᠠᠴᠠ ᠵᠠᠶᠢᠯᠠᠰᠬᠢᠵᠦ᠂ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠪᠤᠢ ᠪᠣᠯᠭᠠᠬᠤ ᠲᠡᠪᠴᠢᠬᠦ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠨᠢᠭᠡᠴᠢ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠤᠭᠤᠳ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠲᠤᠰᠬᠠᠶ ᠴᠡᠭᠴᠡᠯᠡᠨ ᠵᠠᠰᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠬᠤ ᠶᠢᠨ ᠪᠣᠳᠠᠲᠤ ᠬᠡᠷᠡᠭᠴᠡᠭᠡ ᠪᠠ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢᠨ ᠭᠦᠨᠵᠡᠭᠡᠶᠢᠷᠡᠵᠦ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠬᠡᠷᠡᠭᠲᠡᠢ᠃ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠰᠠᠭᠤᠳᠠᠯ ᠤᠨ ᠰᠦᠪᠡᠭᠴᠢ ᠶᠢ ᠴᠡᠪᠡᠷᠯᠡᠨ ᠡᠴᠦᠰ ᠲᠤᠨᠢ ᠲᠤᠯᠲᠠᠯ᠎ᠠ ᠰᠢᠢᠳᠪᠦᠷᠢᠯᠡᠬᠦ ᠶᠢ ᠠᠬᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠪᠣᠷᠣᠯᠠᠭᠤᠯᠬᠤ ᠭᠤᠣᠯᠳᠠᠯᠭ᠎ᠠ ᠲᠠᠢ ᠲᠠᠯ᠎ᠠ ᠶᠢ ᠭᠦᠨᠵᠡᠭᠡᠢ ᠠᠭᠤᠳᠠᠯᠤᠨ ᠲᠦᠢᠯᠪᠤᠷᠢᠲᠠᠢ ᠪᠠᠶᠢᠴᠠᠭᠠᠬᠤ ᠶᠢ ᠠᠬᠢᠭᠤᠯᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠴᠢᠩᠭ᠎ᠠ ᠪᠣᠳᠠᠲᠠᠢ ᠰᠠᠶᠢᠲᠤᠷ ᠬᠢᠬᠦ ᠬᠡᠷᠡᠭᠲᠡᠢ᠃ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠲᠣᠭᠤᠷᠢᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠰᠢᠢᠳᠪᠦᠷᠢᠯᠡᠬᠦ ᠬᠡᠷᠡᠭᠲᠡᠢ ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠴᠢᠩᠭᠠᠳᠬᠠᠵᠤ᠂ ᠢᠯᠵᠠᠷᠠᠯ ᠤᠨ ᠬᠡᠷᠡᠭ ᠤᠨ ᠠᠷᠤ ᠳᠠᠬᠢ ᠭᠦᠨ ᠳᠡᠰ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ ᠰᠡᠷᠡᠮᠵᠢᠯᠡᠭᠦᠯᠬᠦ ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠢᠯᠵᠠᠷᠠᠯ ᠤᠨ ᠠᠰᠠᠭᠤᠳᠠᠯ ᠤᠨ ᠡᠭᠦᠰᠬᠦ ᠬᠥᠷᠥᠰᠥ ᠰᠢᠷᠣᠶ ᠶᠢ ᠲᠦᠢᠯᠪᠤᠷᠢᠲᠠᠶ ᠠᠷᠢᠯᠭᠠᠵᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ᠵᠢᠷᠤᠮᠵᠢᠯ ᠲᠠᠢ᠂ ᠡᠷᠡᠭᠦᠯ᠂ ᠠᠮᠤᠷ ᠲᠦᠪᠰᠢᠨ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1