ᠲᠣᠭᠲᠠᠬᠤ ᠬᠤᠳᠠᠯᠳᠤᠭᠠᠨ ᠤ ᠡᠪᠯᠡᠯ ᠤᠨ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/12
     10 ᠳ᠋ᠤᠭᠠᠷ ᠰᠠᠷ᠎ᠠ ᠶᠢᠨ 10 ᠤ ᠡᠳᠦᠷ᠂ ᠲᠣᠭᠲᠠᠬᠤ ᠬᠤᠳᠠᠯᠳᠤᠭᠠᠴᠢᠳ ᠤᠨ ᠡᠪᠯᠡᠯ ᠤᠨ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠬᠤᠷᠠᠯᠳᠤᠪᠠ᠃ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠭᠤᠤ ᠵᠧᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠯᠢᠦ ᠹᠸᠢ ᠬᠤᠷᠠᠯ ᠳᠤ ᠣᠷᠣᠯᠴᠠᠵᠠᠶ᠃      ᠬᠤᠷᠠᠯ ᠠᠴᠠ ᠳᠡᠭᠡᠷ᠎ᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠪᠣᠯᠤᠨ ᠡᠳ᠋ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠵᠤ᠂ ᠥᠩᠭᠡᠷᠡᠭᠰᠡᠨ ᠤ ᠠᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠵᠦ᠂ ︽ᠲᠦᠷᠢᠮ︾ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠪᠣᠯᠤᠨ ᠬᠤᠷᠠᠯ ᠤᠨ ᠰᠦᠢᠳᠬᠡᠯ ᠤᠨ ᠪᠠᠷᠢᠮᠵᠢᠶ᠎ᠠ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠪᠦᠷᠢᠯᠳᠦᠬᠦᠨ ᠢ ᠰᠣᠩᠭᠤᠨ ᠭᠠᠷᠭᠠᠵᠤ᠂ ᠰᠢᠨ᠎ᠡ ᠨᠢᠭᠡ ᠬᠤᠭᠤᠴᠠᠭᠠᠨ ᠤ ᠨᠡᠶᠢᠭᠡᠮᠯᠢᠭ ᠤᠨ ᠳᠠᠷᠤᠭ᠎ᠠ᠂ ᠪᠠᠶᠢᠩᠭᠤ ᠶᠢᠨ ᠳᠡᠳ᠋ ᠳᠠᠷᠤᠭ᠎ᠠ᠂ ᠨᠡᠶᠢᠭᠡᠮᠯᠢᠭ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃
     ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠶᠠᠷᠢᠶᠠᠨ ᠳᠠᠭᠠᠨ᠂ ᠰᠢᠶᠠᠨ ᠤ ᠳᠦᠷᠪᠡᠨ ᠶᠡᠭᠡ ᠪᠠᠭ ᠤᠨ ᠡᠮᠦᠨ᠎ᠡ ᠠᠴᠠ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠰᠢᠨ᠎ᠡ ᠨᠢᠭᠡ ᠬᠤᠭᠤᠴᠠᠭᠠᠨ ᠤ ᠬᠤᠳᠠᠯᠳᠤᠭᠠᠴᠢᠳ ᠤᠨ ᠡᠪᠯᠡᠯ ᠤᠨ ᠤᠳᠤᠷᠢᠳᠬᠤ ᠪᠠᠭ ᠲᠤ ᠬᠠᠯᠠᠭᠤᠨ ᠪᠠᠶᠠᠷ ᠬᠦᠷᠭᠡᠪᠡ᠃ ᠲᠡᠷᠡ ᠲᠤᠭᠳᠠᠬᠤ ᠬᠤᠳᠠᠯᠳᠤᠭᠠᠴᠢᠳ ᠤᠨ ᠡᠪᠯᠡᠯ ᠪᠣᠯᠤᠨ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠳ ᠦᠵᠡᠯ ᠰᠠᠨᠠᠭ᠎ᠠ ᠪᠠᠨ ᠴᠢᠯᠥᠭᠡᠯᠡᠵᠦ᠂ ᠵᠣᠷᠢᠭᠲᠠᠢ ᠪᠠᠷ ᠲᠦᠷᠦᠭᠦᠯᠡᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠪᠦᠬᠦ ᠤᠯᠤᠰ ᠲᠡᠰᠢ ᠤᠷᠤᠭᠰᠢᠯᠠᠭᠰᠠᠨ᠂ ᠳᠡᠯᠡᠬᠡᠢ ᠳ᠋ᠠᠬᠢᠨ ᠳᠤ ᠬᠠᠨᠳᠤᠭᠤᠯᠤᠭᠰᠠᠨ ︽ᠰᠢᠨ᠎ᠡ ᠨᠠᠶᠢᠳᠠᠯᠭ᠎ᠠ ᠶᠢᠨ ᠬᠤᠳᠠᠯᠳᠤᠭᠠᠴᠢᠨ︾ ᠢ ᠴᠣᠭᠴᠠᠯᠠᠬᠤ ᠶᠢᠨ ᠲᠥᠯᠥᠭᠡ ᠴᠢᠷᠮᠠᠶᠢᠨ ᠲᠡᠮᠡᠴᠡᠵᠦ᠂ ᠲᠤᠭᠳᠠᠬᠤ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠳᠤ ᠰᠦᠷ ᠳᠠᠯᠠᠶᠢᠴᠠᠲᠠᠢ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃      ᠯᠢ ᠴᠦᠨ ᠶᠠᠨ ᠵᠢᠭᠠᠵᠤ ᠭᠠᠷᠭᠠᠭᠰᠠᠨ ᠨᠢ᠂ ᠲᠣᠭᠲᠠᠬᠤ ᠬᠤᠳᠠᠯᠳᠤᠭᠠᠴᠢᠳ ᠤᠨ ᠡᠪᠯᠡᠯ 2014 ᠣᠨ ᠳᠤ ᠰᠡᠷᠭᠦᠭᠡᠨ ᠪᠠᠶᠢᠭᠤᠯᠤᠭᠳᠠᠭᠰᠠᠨ ᠠᠴᠠ ᠨᠠᠰᠢ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠵᠦ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠲᠠᠰᠤᠷᠠᠯᠲᠠ ᠥᠬᠡᠶ ᠴᠢᠩᠭᠠᠷᠠᠵᠠᠶ᠃ ᠬᠤᠳᠠᠯᠳᠤᠭᠠᠴᠢᠳ ᠤᠨ ᠡᠪᠯᠡᠯ ᠨᠢ ᠨᠠᠮ ᠤᠨ ᠤᠳᠤᠷᠢᠳᠤᠭᠰᠠᠨ ᠨᠢᠭᠡᠳᠦᠮᠡᠯ ᠹᠷᠣᠨᠲ ᠤᠨ ᠰᠢᠨᠵᠢ ᠴᠢᠨᠠᠷ ᠲᠠᠢ ᠠᠷᠠᠳ ᠤᠨ ᠪᠦᠯᠬᠦᠮ ᠪᠠ ᠠᠷᠠᠳ ᠤᠨ ᠬᠤᠳᠠᠯᠳᠤᠭᠠᠴᠢᠳ ᠤᠨ ᠡᠪᠯᠡᠯ ᠪᠣᠯᠤᠭᠰᠠᠨ ᠤ ᠬᠤᠪᠢ ᠳᠤ᠂ ᠨᠠᠮ ᠪᠠ ᠵᠠᠰᠠᠭ ᠤᠨ ᠣᠷᠳᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠃ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠯᠢ ᠣᠯᠠᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠬᠠᠨᠳᠤᠰᠢ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠨᠠᠩ ᠶᠡᠭᠡ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠪᠡ᠃      ᠯᠢ ᠴᠦᠨ ᠶᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠠᠮ ᠤᠨ ᠲᠥᠪ ᠬᠤᠷᠢᠶ᠎ᠠ ᠠᠴᠠ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠥᠭᠵᠢᠯᠲᠡ ᠳᠤ ᠳᠤᠷᠠᠳᠤᠭᠰᠠᠨ ᠬᠠᠮᠤᠭ ᠤᠨ ᠴᠢᠬᠤᠯᠠ᠂ ᠬᠠᠮᠤᠭ ᠤᠨ ᠭᠤᠣᠯ ᠤᠨᠤᠯ ᠪᠠ ᠣᠶᠢᠯᠠᠭᠠᠭᠳᠠᠬᠤᠨ ᠪᠣᠯᠤᠨ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠤᠯᠤᠰ ᠲᠦᠷᠦ ᠶᠢᠨ ᠱᠠᠭᠠᠷᠳᠠᠯᠭ᠎ᠠ᠂ ᠦᠵᠡᠯ ᠰᠠᠨᠠᠭᠠᠨ ᠤ ᠱᠠᠭᠠᠷᠳᠠᠯᠭ᠎ᠠ ᠪᠠ ᠠᠵᠢᠯ ᠤᠨ ᠱᠠᠭᠠᠷᠳᠠᠯᠭ᠎ᠠ ᠪᠣᠯᠤᠨ᠎ᠠ᠃ ᠰᠢᠨ᠎ᠡ ᠨᠢᠭᠡ ᠬᠤᠭᠤᠴᠠᠭᠠᠨ ᠤ ᠬᠤᠳᠠᠯᠳᠤᠭᠠᠴᠢᠳ ᠤᠨ ᠡᠪᠯᠡᠯ ᠨᠢ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠦᠷᠦᠭᠦᠯᠡᠨ ᠦᠢᠯᠡᠳᠦᠯᠭᠡᠵᠢᠭᠦᠯᠵᠦ᠂ ᠡᠯ᠎ᠡ ᠭᠡᠰᠢᠭᠦᠨ ᠠᠵᠤ ᠠᠬᠤᠶᠢᠯᠠᠯ ᠢ ᠬᠦᠳᠦᠯᠦᠨ ᠳᠠᠭᠠᠭᠤᠯᠵᠤ ᠪᠠᠶᠢᠭᠠᠳ ᠰᠢᠨ᠎ᠡ ᠬᠥᠭᠵᠢᠯᠲᠡ ᠶᠢᠨ ᠱᠠᠲᠤᠨ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠥᠭᠵᠢᠯᠲᠡ ᠶᠢᠨ ᠬᠠᠨᠳᠤᠰᠢ ᠳᠤ ᠵᠣᠬᠢᠴᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠪᠥᠬᠦ ᠣᠷᠣᠨ᠂ ᠪᠥᠬᠦ ᠬᠤᠲᠠ ᠪᠠ ᠪᠥᠬᠦ ᠰᠢᠶᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠪᠥᠬᠦ ᠠᠷᠠᠳ ᠢᠶᠠᠷ ᠢᠶᠠᠨ ᠭᠦᠶᠦᠬᠦ ᠮᠠᠶ᠋ᠢᠭ ᠤᠨ ᠬᠤᠳᠠᠯᠳᠤᠭᠠᠴᠢᠨ ᠤᠷᠢᠬᠤ ᠲᠤᠰᠬᠠᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠣᠰ ᠪᠡᠶ᠎ᠡ ᠶᠢᠨ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠳᠣᠲᠣᠭᠠᠳᠤ ᠳᠠᠭᠠᠨ ᠣᠷᠣᠭᠤᠯᠤᠨ ᠭᠠᠳᠠᠭᠠᠳᠤ ᠲᠠᠢ ᠬᠤᠯᠪᠣᠭᠠᠯᠠᠵᠤ᠂ ᠠᠵᠤ ᠦᠢᠯᠡᠰ᠂ ᠶᠡᠷᠦᠩᠬᠡᠶ ᠬᠡᠯᠲᠡᠰ᠂ ᠬᠥᠷᠥᠩᠭᠡ᠂ ᠴᠢᠳᠠᠪᠤᠷᠢᠲᠠᠨ ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠡᠬᠢ ᠪᠠᠶᠠᠯᠢᠭ ᠢ ᠨᠤᠲᠤᠭ ᠲᠠᠭᠠᠨ ᠠᠪᠠᠴᠢᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠠᠤᠯᠢ ᠶᠣᠰᠣᠭᠠᠷ᠂ ᠬᠠᠤᠯᠢ ᠶᠢ ᠰᠠᠬᠢᠵᠤ᠂ ᠬᠠᠤᠯᠢ ᠶᠣᠰᠣ ᠪᠠᠷ ᠡᠵᠡᠩᠨᠡᠵᠦ᠂ ᠦᠨᠡᠨ ᠦᠭᠡ ᠶᠠᠷᠢᠵᠤ᠂ ᠦᠨᠡᠨ ᠪᠠᠶᠢᠳᠠᠯ ᠢ ᠶᠠᠷᠢᠵᠤ᠂ ᠢᠳᠬᠠᠯ ᠰᠠᠨᠠᠭᠤᠯᠭ᠎ᠠ ᠳᠤᠷᠠᠳᠴᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠵᠤ ᠨᠠᠮ ᠢᠶᠠᠨ ᠬᠠᠶᠢᠷᠠᠯᠠᠬᠤ᠂ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ᠂ ᠦᠨᠡᠨᠴᠢ ᠢᠲᠡᠭᠡᠮᠵᠢᠲᠡᠢ ᠪᠠᠶᠢᠬᠤ ᠵᠡᠷᠭᠡ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠨᠠᠭᠰᠢᠳᠠ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠠᠶᠢᠨ ᠰᠠᠶᠢᠬᠠᠨ ᠨᠡᠶᠢᠭᠡᠮ ᠤᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠦᠨᠡᠨᠴᠢ ᠢᠲᠡᠭᠡᠮᠵᠢᠲᠡᠶ ᠪᠠᠶᠢᠬᠤ ᠤᠬᠠᠮᠰᠠᠷᠲᠤ ᠴᠢᠨᠠᠷ ᠪᠠ ᠠᠷᠠᠳ ᠲᠦᠮᠡᠨ ᠳᠤ ᠪᠤᠶᠠᠨ ᠦᠢᠯᠡᠳᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠰᠢᠶᠠᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠳᠠᠪᠰᠢᠯᠲᠠ ᠶᠢ ᠶᠡᠭᠡ ᠪᠠᠷ ᠳᠡᠮᠵᠢᠵᠦ᠂ ᠰᠠᠶᠢᠨ ᠰᠠᠶᠢᠬᠠᠨ ᠠᠵᠤ ᠠᠬᠤᠶ ᠶᠢᠨ ᠡᠮᠬᠢ ᠵᠢᠷᠤᠮ ᠪᠠ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠲᠠᠨᠢᠯᠴᠠᠭᠤᠯᠤᠭᠰᠠᠨ ᠢᠶᠠᠷ᠂ ᠲᠣᠭᠲᠠᠬᠤ ᠬᠤᠳᠠᠯᠳᠤᠭᠠᠴᠢᠳ ᠤᠨ ᠡᠪᠯᠡᠯ 2014 ᠣᠨ ᠤ 9 ᠳ᠋ᠤᠭᠡᠷ ᠰᠠᠷ᠎ᠠ ᠳᠤ ᠠᠩᠬᠠᠳᠤᠭᠠᠷ ᠤᠠᠳᠠᠭ᠎ᠠ ᠪᠠᠶᠢᠭᠤᠯᠤᠭᠳᠠᠵᠤ᠂ ᠥᠪᠥᠷ ᠮᠣᠩᠭᠤᠯ ᠤᠨ 102 ᠬᠤᠰᠢᠭᠤ ᠰᠢᠶᠠᠨ ᠤ ᠳᠣᠲᠣᠷ᠎ᠠ ᠲᠡᠷᠢᠭᠦᠯᠡᠵᠦ᠂ ᠪᠥᠬᠦ ᠤᠯᠤᠰ ᠤᠨ ᠦᠪᠦᠷ ᠮᠣᠩᠭᠤᠯ ᠤᠨ ᠬᠤᠳᠠᠯᠳᠤᠭᠠᠴᠢᠳ ᠤᠨ ︽ᠠᠷᠪᠠᠨ ᠶᠡᠭᠡ ᠬᠢᠯᠠᠰ ᠴᠢᠭ︾ ᠤᠨ ᠨᠢᠭᠡ ᠪᠠᠷ ᠦᠨᠡᠯᠡᠭᠳᠡᠪᠡ᠃ ᠬᠤᠳᠠᠯᠳᠤᠭᠠᠴᠢᠳ ᠤᠨ ᠡᠪᠯᠡᠯ ᠪᠠᠶᠢᠭᠤᠯᠤᠭᠳᠠᠭᠰᠠᠨ ᠠᠴᠠ ᠨᠠᠰᠢᠬᠢ 7 ᠵᠢᠯ ᠤᠨ ᠲᠤᠷᠰᠢ᠂ ᠠᠯᠢ ᠣᠯᠠᠨ ᠭᠤᠣᠯ ᠰᠡᠳᠦᠪ ᠨᠢ ᠢᠯᠡ ᠲᠣᠳᠣ᠂ ᠬᠢᠯᠠᠰ ᠴᠢᠭ ᠨᠢ ᠪᠦᠷᠢᠨ ᠭᠦᠢᠴᠡᠳ ᠠᠵᠢᠯ ᠢ ᠥᠷᠨᠢᠭᠦᠯᠵᠦ᠂ ᠡᠭᠦᠨ ᠳᠤ ᠠᠬᠠᠮᠠᠳ ᠨᠠᠮ ᠤᠨ ᠭᠡᠰᠢᠭᠦᠨ᠂ ᠠᠬᠠᠮᠠᠳ ᠲᠣᠰᠬᠤᠨ ᠤ ᠨᠠᠮ ᠤᠨ ᠡᠭᠦᠷ ᠤᠨ ᠱᠦᠵᠢ᠂ ᠠᠬᠠᠮᠠᠳ ᠴᠡᠷᠢᠭ ᠠᠴᠠ ᠬᠠᠯᠠᠭᠳᠠᠭᠰᠠᠳ᠂ ᠠᠬᠠᠮᠠᠳ ᠪᠠᠭᠰᠢ ᠪᠣᠯᠤᠨ ᠠᠬᠠᠮᠠᠳ ᠦᠢᠯᠡᠳᠪᠦᠷᠢ ᠬᠤᠳᠠᠯᠳᠤᠭᠠᠴᠢᠳ ᠢ ᠲᠣᠬᠤᠨᠢᠭᠤᠯᠵᠤ᠂ ᠥᠯᠵᠡᠶᠢᠲᠦ ᠪᠠᠶᠠᠷ ᠤᠨ ᠡᠳᠦᠷ ᠲᠤ ︽ᠬᠤᠳᠠᠯᠳᠤᠭᠠᠴᠢᠳ ᠤᠨ ᠡᠪᠯᠡᠯ ᠤᠨ ᠯᠣᠣ ᠪᠥᠵᠢᠭ ᠤᠨ ᠠᠩᠭᠢ︾ ᠶᠢ ᠵᠣᠬᠢᠶᠠᠨ ᠪᠠᠶᠢᠭᠤᠯᠵᠤ᠂ ︽ᠲᠣᠭᠲᠠᠬᠤ ᠠᠵᠤ ᠠᠬᠤᠶ ᠶᠢᠨ ᠶᠠᠷᠢᠶᠠᠨ ᠤ ᠲᠠᠪᠴᠠᠩ︾ ᠢ ᠡᠷᠭᠢᠯᠡᠵᠦ᠂ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢᠨ ᠲᠤᠷᠰᠢᠯᠭ᠎ᠠ ᠪᠠᠷ ᠲᠣᠯᠢ ᠪᠣᠯᠭᠠᠬᠤ ᠲᠠᠯ᠎ᠠ ᠪᠠᠷ ᠬᠥᠲᠥᠯᠦᠨ ᠵᠢᠯᠣᠭᠤᠳᠬᠤ᠂ ᠲᠠᠨᠢᠯᠴᠠᠭᠤᠯᠬᠤ᠂ ᠠᠰᠠᠭᠤᠨ ᠯᠠᠪᠯᠠᠬᠤ ᠵᠡᠷᠭᠡ ᠪᠥᠬᠦ ᠲᠠᠯ᠎ᠠ ᠶᠢᠨ  ᠦᠢᠯᠡᠴᠢᠯᠡᠭᠡ ᠬᠠᠩᠭᠠᠵᠤ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠭ᠎ᠠ ᠳᠤ ᠣᠷᠣᠯᠴᠠᠵᠤ᠂ ︽ᠬᠤᠳᠠᠯᠳᠤᠭᠠᠴᠢᠨ ᠤ ᠴᠤᠭ ᠵᠢᠪᠬᠤᠭ᠎ᠠ︾ ᠨᠣᠮ ᠪᠢᠴᠢᠭ ᠢ ᠰᠤᠷᠪᠤᠯᠵᠢᠯᠠᠨ ᠨᠠᠶᠢᠷᠠᠭᠤᠯᠵᠤ ᠳᠠᠷᠤᠮᠠᠯᠯᠠᠨ ᠲᠠᠷᠬᠠᠭᠠᠬᠤ ᠵᠢᠴᠢ ᠡᠯ᠎ᠡ ᠵᠦᠶ᠋ᠯ ᠤᠨ ᠬᠡᠯᠪᠡᠷᠢ ᠶᠢᠨ ᠴᠠᠭᠠᠨ ᠰᠠᠷ᠎ᠠ ᠶᠢᠨ ᠵᠣᠯᠭᠠᠯᠲᠠ᠂ ᠲᠣᠬᠤᠨᠢᠭᠤᠯᠤᠯ᠂ ᠥᠯᠵᠡᠶᠢᠲᠦ ᠡᠳᠦᠷ ᠤᠨ ᠨᠠᠶᠢᠷ ᠤᠨ  ᠦᠳᠡᠰᠢᠯᠡᠭᠡ᠂ ᠶᠠᠷᠢᠯᠴᠠᠬᠤ ᠬᠤᠷᠠᠯ ᠪᠠ ᠭᠠᠳᠠᠷ ᠣᠷᠣᠨ ᠤ ᠬᠤᠳᠠᠯᠳᠤᠭᠠᠴᠢᠨ ᠤ ᠬᠠᠷᠢᠭᠤ ᠨᠠᠶᠢᠳᠠᠯᠭ᠎ᠠ ᠬᠡᠯᠡᠯᠴᠡᠭᠡ ᠶᠢᠨ ᠬᠤᠷᠠᠯ ᠵᠡᠷᠭᠡ ᠶᠢ ᠡᠷᠭᠢᠯᠡᠪᠡ᠃ ᠰᠢᠨ᠎ᠡ ᠨᠢᠭᠡ ᠬᠤᠭᠤᠴᠠᠭᠠᠨ ᠤ ᠲᠣᠭᠲᠠᠬᠤ ᠬᠤᠳᠠᠯᠳᠤᠭᠠᠨ ᠤ ᠡᠪᠯᠡᠯ ᠨᠢ ᠤᠢᠢᠷ᠎ᠠ ᠶᠢᠨ ᠬᠡᠳᠦᠨ ᠵᠢᠯ ᠤᠨ ᠲᠤᠷᠰᠢᠬᠢ ᠡᠪᠯᠡᠯ ᠡᠷᠬᠢᠯᠡᠭᠰᠡᠨ ᠦᠢᠯᠡᠳᠦᠯᠭᠡ ᠪᠣᠯᠤᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠡᠪᠯᠡᠯ ᠡᠷᠬᠢᠯᠡᠬᠦ ᠠᠷᠭ᠎ᠠ ᠶᠢᠨ ᠰᠢᠨ᠎ᠡ ᠶᠢ ᠡᠭᠦᠳᠴᠦ᠂ ᠭᠡᠰᠢᠭᠦᠨ ᠠᠵᠤ ᠠᠬᠤᠶᠢᠯᠠᠯ ᠨᠢᠭᠡᠪᠦᠷᠢ ᠶᠢᠨ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠤᠲᠤᠭ ᠤᠰᠤᠨ ᠤ ᠪᠠᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠤᠲᠤᠭ ᠤᠰᠤᠨ ᠤ ᠪᠠᠨ ᠦᠰᠭᠡᠨ ᠪᠤᠶᠢᠵᠢᠭᠤᠯᠤᠭᠰᠠᠨ ᠠᠴᠢ ᠶᠢ ᠬᠠᠷᠢᠭᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1