ᠲᠣᠭᠲᠠᠬᠤ ᠰᠢᠶᠠᠨ ᠤ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠡᠬᠢᠯᠡᠪᠡ
ᠨᠡᠶᠢᠲᠡᠯᠡᠭᠰᠡᠨ ᠴᠠᠭ᠄
2021/10/13
      10 ᠳ᠋ᠤᠭᠠᠷ ᠰᠠᠷ᠎ᠠ ᠶᠢᠨ 12 ᠤᠨ ᠡᠳᠦᠷ᠂ ᠲᠣᠭᠲᠠᠬᠤ ᠰᠢᠶᠠᠨ ᠤ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠰᠠᠷᠭᠠᠢ ᠬᠦᠷᠢᠶᠡᠯᠡᠩ ᠤᠨ ᠠᠭᠤᠳᠠᠮ ᠲᠠᠯᠠᠪᠠᠢ ᠳᠤ ᠶᠠᠪᠤᠭᠳᠠᠵᠤ᠂ ᠮᠠᠨ ᠤ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠬᠥᠰᠢᠭᠡ ᠶᠢ ᠨᠡᠭᠡᠭᠡᠵᠡᠢ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠢ ᠶᠠ ᠨᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠬᠢᠷᠢ ᠲᠦᠪᠰᠢᠨ᠂ ᠣᠷᠣᠯᠴᠠᠬᠤ ᠤᠬᠠᠮᠰᠠᠷ ᠪᠠ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠨᠡᠶᠢᠭᠡᠮ ᠳᠠᠶᠠᠭᠠᠷ ᠲᠤ ᠴᠢᠷᠮᠠᠶᠢᠨ ᠪᠤᠢ ᠪᠣᠯᠭᠠᠨ᠎ᠠ᠃      ᠰᠦᠯᠵᠢᠶᠡᠨ ᠤ ᠠᠮᠤᠷ ᠲᠦᠪᠰᠢᠨ ᠤ ᠰᠢᠶᠠᠨ ᠤ ᠡᠯ᠎ᠡ ᠬᠤᠯᠪᠣᠭᠳᠠᠯ ᠪᠦᠬᠦᠢ ᠨᠢᠭᠡᠴᠢ ᠲᠤᠰ ᠲᠤᠰ ᠤᠨ ᠡᠭᠦᠷᠭᠡ ᠴᠢᠳᠠᠪᠬᠢ ᠪᠠᠨ ᠦᠨᠳᠦᠰᠦᠯᠡᠨ ᠪᠦᠬᠦ ᠰᠢᠶᠠᠨ ᠤ ᠬᠡᠪᠴᠢᠶᠡᠨ ᠳᠤ ᠲᠤᠰ ᠬᠦᠷᠢᠶᠡᠨ ᠤ ᠣᠨᠴᠠᠯᠢᠭ ᠲᠠᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠤᠣᠯ ᠰᠡᠳᠦᠪᠲᠦ  ᠡᠳᠦᠷᠯᠢᠭ ᠤᠨ ᠠᠵᠢᠯᠯᠠᠭ᠎ᠠ ᠶᠢ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠥᠷᠭᠡᠨ ᠢᠶᠠᠷ ᠤᠬᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠭᠡᠷ ᠪᠦᠯᠢ ᠳᠤ ᠣᠷᠣᠭᠤᠯᠬᠤ ᠶᠢ ᠭᠤᠣᠯᠳᠠᠯᠭ᠎ᠠ ᠲᠠᠢ ᠠᠬᠢᠭᠤᠯᠵᠤ᠂ ᠦᠨᠳᠦᠰᠦᠨ ᠱᠠᠳᠤ ᠲᠡᠰᠢ ᠥᠷᠭᠡᠳᠬᠡᠬᠦ ᠶᠢ ᠣᠨᠴᠠᠭᠠᠶᠢᠯᠠᠨ ᠴᠢᠬᠤᠯᠠᠴᠢᠯᠠᠵᠤ᠂ ᠡᠯ᠎ᠡ ᠬᠦᠷᠢᠶᠡᠨ ᠠᠴᠠ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠯᠠᠭᠤᠨ ᠥᠷᠨᠢᠯᠲᠡ ᠶᠢ ᠦᠷᠭᠦᠯᠵᠢᠯᠡᠨ ᠪᠤᠢ ᠪᠣᠯᠭᠠᠨ᠎ᠠ᠃      ᠲᠤᠰ ᠠᠵᠢᠯᠯᠠᠭ᠎ᠠ ᠳᠤ ᠤᠬᠠᠭᠤᠯᠬᠤ ᠮᠠᠲ᠋ᠧᠷᠢᠶᠠᠯ ᠢ ᠨᠡᠶᠢᠲᠡ 2000 ᠭᠠᠷᠤᠶ ᠬᠤᠪᠢ ᠲᠠᠷᠬᠠᠭᠠᠵᠤ᠂ 500 ᠭᠠᠷᠤᠶ ᠬᠥᠮᠦᠨ ᠤᠳᠠᠭᠠᠨ ᠤ ᠯᠠᠪᠯᠠᠯᠲᠠ ᠶᠢ ᠬᠦᠯᠢᠶᠡᠨ ᠠᠪᠤᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1