ᠨᠢᠭᠡ᠂ ᠲᠥᠯᠥᠪᠵᠢᠭᠦᠯᠭᠡ ᠶᠢᠨ ᠭᠤᠣᠯ ᠠᠭᠤᠯᠭ᠎ᠠ | ︵ᠨᠢᠭᠡ︶ ᠭᠤᠣᠯ ᠬᠠᠷᠠᠯᠲᠠ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠵᠦ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠤᠰᠤᠨ ᠠᠰᠢᠭᠯᠠᠯᠲᠠ ᠶᠢᠨ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ | ᠵᠥᠷᠢᠶ᠎ᠡ ᠶᠢ ᠣᠨᠣᠪᠴᠢᠲᠠᠶ ᠡᠵᠡᠮᠰᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠬᠥᠭᠵᠢᠯᠲᠡ ᠶᠢᠨ ᠬᠠᠷᠠᠯᠲᠠ ᠭᠦᠶ᠋ᠴᠡᠳᠬᠡᠯ ᠲᠤᠭ᠎ᠠ ᠶᠢ ᠵᠦᠶ | ᠵᠣᠬᠢᠰᠲᠠᠶ ᠲᠣᠭᠲᠠᠭᠠᠨ᠎ᠠ᠃ 2025 ᠣᠨ ᠪᠣᠯᠬᠤ ᠳᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠳᠤ ᠵᠣᠬᠢᠴᠠᠭᠰᠠᠨ ᠦᠶᠡᠷ ᠤᠨ ᠭᠠᠮᠰᠢᠭ ᠭᠠᠩ ᠤᠨ | ᠭᠠᠮᠰᠢᠭ ᠢ ᠰᠡᠷᠭᠡᠶᠢᠯᠡᠨ ᠬᠤᠷᠢᠭᠯᠠᠬᠤ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠵᠢᠴᠢ | ᠰᠢᠯᠢᠳᠡᠭᠵᠢᠭᠦᠯᠦᠨ ᠳᠣᠭᠢᠷᠠᠭᠤᠯᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠭᠤᠤᠯ ᠨᠠᠭᠤᠷ ᠤᠨ ᠠᠮᠤᠷ | ᠲᠥᠪᠰᠢᠨ ᠤ ᠪᠠᠲᠤᠯᠠᠭ᠎ᠠ᠂ ᠤᠰᠤ ᠲᠠᠢ ᠬᠤᠯᠪᠣᠭᠳᠠᠭᠰᠠᠨ ᠶᠠᠪᠤᠳᠠᠯ ᠤᠳ ᠤᠨ ᠬᠢᠨᠠᠯᠲᠠ ᠬᠠᠮᠢᠶᠠᠷᠤᠯᠲᠠ ᠵᠡᠷᠭᠡ | ᠳᠥᠷᠪᠡᠨ ᠶᠡᠭᠡ ᠲᠣᠭᠲᠠᠯᠴᠠᠭ᠎ᠠ ᠶᠢ ᠦᠨᠳᠦᠰᠦᠨ ᠳᠤ ᠨᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠶᠢᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠳᠤ ᠨᠠᠩ ᠪᠠᠲᠤ ᠪᠠᠬᠢ ᠤᠰᠤᠨ ᠠᠰᠢᠭᠯᠠᠯᠲᠠ ᠶᠢᠨ | ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃ | ᠭᠤᠤᠯ ᠬᠠᠷᠠᠯᠲᠠ ᠪᠣᠯ᠄ | 2025 ᠣᠨ ᠪᠣᠯᠬᠤ ᠳᠤ ᠪᠥᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 223.91 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢᠶᠠᠷ ᠬᠢᠵᠠᠭᠠᠷᠯᠠᠨ᠎ᠠ︔ 2015 ᠣᠨ ᠤ ᠥᠯᠥ ᠬᠤᠪᠢᠰᠬᠤ | ᠦᠨ᠎ᠡ ᠪᠠᠷ ᠪᠤᠳᠤᠪᠠᠯ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠶ᠋ᠯᠡᠳᠪᠦᠷᠢᠯᠡᠯ ᠤᠨ ᠶᠡᠷᠦᠩᠬᠡᠢ | ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2025 ᠣᠨ ᠪᠣᠯᠬᠤ ᠳᠤ 2020 ᠣᠨ ᠤ ᠬᠢ ᠠᠴᠠ 16% ᠪᠠᠷ | ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ | ᠬᠡᠮᠵᠢᠶ᠎ᠡ ᠶᠢ 2025 ᠣᠨ ᠪᠤᠯᠬᠤ ᠳᠤ 2020 ᠣᠨ ᠤ ᠬᠢ ᠠᠴᠠ 10% ᠪᠠᠷ ᠪᠠᠭᠤᠷᠠᠭᠤᠯᠤᠨ᠎ᠠ︔ ᠲᠠᠷᠢᠶᠠᠨ | ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.579 ᠪᠣᠯᠭᠠᠨ᠎ᠠ︔ | ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠡᠯᠲᠡ ᠶᠢᠨ ᠨᠤᠷᠮ᠎ᠠ ᠶᠢ 82% ᠲᠤ ᠬᠦᠷᠦᠭᠦᠯᠵᠦ᠂ | ᠬᠥᠳᠡᠭᠡ ᠲᠣᠰᠬᠤᠨ ᠤ ᠲᠥᠪᠯᠡᠷᠡᠩᠭᠦᠢ ᠮᠠᠶ᠋ᠢᠭ ᠤᠨ ᠤᠰᠤ ᠬᠠᠩᠭᠠᠬᠤ ᠬᠥᠮᠦᠨ ᠠᠮᠠ ᠶᠢᠨ ᠬᠠᠷᠢᠴᠠᠯ ᠢ 85% | ᠪᠣᠯᠭᠠᠨ᠎ᠠ︔ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠲᠠᠯᠠᠪᠠᠢ ᠶᠢ 3.33 ᠲᠦᠮᠡᠨ ᠲᠡᠭᠰᠢ | ᠳᠥᠷᠪᠡᠯᠵᠢᠨ ᠺᠢᠯᠤᠮᠧᠲᠷ ᠰᠢᠨ᠎ᠡ ᠪᠠᠷ ᠨᠡᠮᠡᠭᠳᠡᠭᠦᠯᠦᠨ᠎ᠡ᠃ | ︵ᠬᠤᠶᠠᠷ︶ ᠭᠤᠣᠯ ᠡᠭᠦᠷᠭᠡ | 1᠂ ᠭᠤᠤᠯ ᠮᠥᠷᠡᠨ ᠤ ᠶᠡᠷᠦᠩᠬᠡᠶᠢᠯᠡᠭᠰᠡᠨ ᠦᠶᠡᠷ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ | ᠪᠦᠷᠢᠨᠰᠢᠭᠦᠯᠦᠨ᠎ᠡ᠃ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠦᠶᠡᠷ ᠰᠡᠷᠭᠡᠶᠢᠯᠡᠬᠦ ᠭᠤᠷᠪᠠᠳᠤᠭᠠᠷ | ᠬᠤᠭᠤᠴᠠᠭᠠᠨ ᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠢ ᠦᠷᠭᠦᠯᠵᠢᠯᠡᠨ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ | ᠴᠢᠷᠮᠠᠶᠢᠵᠤ᠂ ᠬᠠᠲᠤᠨ ᠭᠤᠤᠯ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ | ᠪᠦᠷᠢᠨᠰᠢᠭᠦᠯᠦᠨ᠎ᠡ᠃ ᠳᠤᠮᠳᠠ ᠪᠠᠭ᠎ᠠ ᠬᠡᠪᠴᠢᠶᠡᠨ ᠤ ᠭᠤᠣᠯ ᠮᠥᠷᠡᠨ ᠢ ᠵᠠᠰᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠨᠤᠭᠤᠳ ᠢ ᠲᠦᠷᠭᠡᠳᠬᠡᠵᠦ᠂ ᠵᠠᠰᠠᠬᠤ ᠭᠤᠣᠯ ᠤᠨ ᠬᠡᠰᠡᠭ ᠢ ᠲᠥᠯᠥᠪᠵᠢᠭᠦᠯᠭᠡ ᠳᠤ ᠲᠣᠭᠲᠠᠭᠠᠭᠰᠠᠨ | ᠦᠶᠡᠷ ᠢ ᠰᠡᠷᠭᠡᠶᠢᠯᠡᠬᠦ ᠪᠠᠷᠢᠮᠵᠢᠶ᠎ᠠ ᠳᠤ ᠦᠨᠳᠦᠰᠦᠨ ᠳᠤ ᠨᠢ ᠬᠦᠷᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠤ 1491km ᠰᠢᠨ᠎ᠡ ᠪᠠᠷ ᠵᠠᠰᠠᠨ᠎ᠠ᠃ ᠬᠥᠨᠳᠡᠯᠡᠨ᠂ ᠪᠠᠲᠤ ᠶᠢᠨ | ᠲᠣᠬᠤᠢ᠂ ᠬᠠᠩᠭᠠᠯ ᠵᠡᠷᠭᠡ 3 ᠲᠣᠮᠣ ᠳᠤᠮᠳᠠ ᠬᠡᠯᠪᠡᠷᠢ ᠶᠢᠨ ᠠᠶᠤᠯ ᠲᠠᠢ ᠴᠥᠭᠦᠷᠥᠮ ᠤᠨ ᠠᠶᠤᠯ ᠢ ᠠᠷᠢᠯᠭᠠᠨ | ᠪᠠᠬᠢᠯᠡᠬᠦ ᠶᠢ ᠲᠦᠷᠭᠡᠳᠬᠡᠨ ᠬᠡᠷᠡᠭᠵᠢᠭᠦᠯᠵᠦ᠂ ᠡᠯ ᠨᠢᠤ ᠸᠠᠨ᠂ ᠰᠡᠭᠦᠵᠢ ᠶᠢᠨ ᠭᠤᠤ ᠵᠡᠷᠭᠡ 38 ᠪᠠᠭ᠎ᠠ ᠬᠡᠯᠪᠡᠷᠢ ᠶᠢᠨ | ᠠᠶᠤᠯ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ | ᠤᠰᠤᠨ ᠵᠦᠢ ᠶᠢᠨ ᠬᠢᠨᠠᠨ ᠬᠡᠮᠵᠢᠬᠦ ᠥᠷᠲᠡᠭᠡᠨ ᠲᠣᠣᠷ ᠤᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠵᠦ᠂ | ᠠᠦ᠋ᠲ᠋ᠣᠴᠢᠯᠠᠭᠰᠠᠨ ᠬᠢᠨᠠᠨ ᠬᠡᠮᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ | ᠤᠰᠤᠨ ᠰᠤᠷᠪᠤᠯᠵᠢ ᠶᠢᠨ ᠢᠨᠵᠧᠨᠧᠷᠢᠩ ᠤᠳ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠵᠡᠭᠦᠨ ᠲᠠᠶᠢᠰᠠ | ᠂ ᠬᠤᠩᠭᠤᠷ᠂ ᠮᠣᠳᠣ᠂ ᠬᠤᠪᠠ ᠶᠢᠨ ᠭᠤᠤ᠂ ᠯᠦᠩᠱᠧᠩ᠂ ᠴᠢ ᠵᠢᠶᠠ ᠶᠢᠩ ᠵᠡᠷᠭᠡ ᠪᠠᠶᠢᠭᠤᠯᠵᠤ ᠪᠠᠶᠢᠭ᠎ᠠ | ᠴᠥᠭᠦᠷᠥᠮ ᠤᠨ ᠪᠦᠲᠦᠭᠡᠨ ᠪᠠᠶᠢᠭᠤᠯᠤᠯᠲᠠ ᠨᠤᠭᠤᠳ ᠤᠨ ᠠᠯᠬᠤᠴᠠ ᠶᠢ ᠲᠦᠷᠭᠡᠳᠬᠡᠵᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠳᠤ ᠪᠦᠲᠦᠭᠡᠨ ᠪᠠᠶᠢᠭᠤᠯᠵᠤ ᠦᠷ᠎ᠡ ᠠᠰᠢᠭ ᠢ ᠨᠢ ᠪᠠᠳᠠᠷᠠᠭᠤᠯᠬᠤ ᠪᠠᠷ ᠴᠢᠷᠮᠠᠶᠢᠵᠤ | ᠂ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠬᠠᠳᠠᠭᠠᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ | ᠭᠠᠭ᠋ᠠᠶ ᠠᠭᠤᠯᠠ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠤᠳ ᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠪᠠ ᠪᠠᠴᠢᠮ | ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠨᠢᠭᠡ ᠪᠦᠯᠦᠭ ᠴᠢᠬᠤᠯᠠ ᠶᠡᠭᠡ ᠤᠰᠤ ᠵᠠᠯᠠᠵᠤ ᠲᠠᠲᠠᠬᠤ | ᠢᠨᠵᠧᠨᠧᠷᠢᠩ ᠤᠳ ᠢ ᠬᠡᠷᠡᠭᠵᠢᠭᠦᠯᠦᠨ᠎ᠡ᠃ ᠴᠤᠤᠯ ᠭᠤᠣᠯ ᠤᠨ ᠤᠰᠤ ᠶᠢ ᠵᠠᠯᠠᠵᠤ ᠯᠢᠶᠣᠤᠾᠧ ᠭᠤᠣᠯ ᠳᠤ ᠨᠡᠮᠡᠷᠢᠯᠡᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠤᠤᠯ ᠭᠤᠣᠯ ᠤᠨ ᠤᠰᠤ ᠶᠢ | ᠵᠠᠯᠠᠵᠤ ᠯᠢᠶᠣᠤᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ 1xb ᠤᠰᠤ ᠬᠠᠩᠭᠠᠬᠤ ᠥᠪᠥᠷ | ᠮᠣᠩᠭᠤᠯ ᠤᠨ ᠰᠠᠯᠪᠤᠷᠢ ᠱᠤᠭᠤᠮ ᠤᠨ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ | ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠦᠨ ᠪᠦᠲᠦᠭᠡᠨ | ᠪᠠᠶᠢᠭᠤᠯᠬᠤ ᠪᠠᠷ ᠴᠢᠷᠮᠠᠶᠢᠵᠤ᠂ ᠢᠨᠵᠧᠨᠧᠷᠢᠩ ᠤᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠨᠤᠨ ᠮᠥᠷᠡᠨ ᠤ ᠤᠰᠤ ᠶᠢ ᠵᠠᠯᠠᠵᠤ ᠰᠢᠯᠢ ᠶᠢᠨ ᠭᠤᠣᠯ ︵ | ᠬᠤᠤᠯᠢᠨ ᠭᠤᠤᠯ︶ ᠳᠤ ᠨᠡᠮᠡᠷᠢᠯᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠨᠤᠲᠠᠯᠠᠬᠤ ᠠᠵᠢᠯ ᠢ ᠭᠦᠨᠵᠡᠭᠡᠶ | ᠰᠠᠶᠢᠲᠤᠷ ᠬᠢᠵᠦ᠂ ᠢᠨᠵᠧᠨᠧᠷᠢᠩ ᠢ ᠲᠦᠷᠭᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ | ᠠᠬᠢᠭᠤᠯᠵᠤ᠂ ᠰᠢᠯᠢ ᠶᠢᠨ ᠭᠤᠣᠯ ᠠᠶᠢᠮᠠᠭ ᠵᠢᠴᠢ ᠡᠷᠭᠢᠨ ᠲᠣᠭᠤᠷᠢᠨ ᠤ ᠤᠰᠤ ᠬᠠᠩᠭᠠᠬᠤ ᠠᠮᠤᠷ ᠲᠦᠪᠰᠢᠨ ᠢ | ᠪᠠᠲᠤᠯᠠᠨ᠎ᠠ᠃ | 3᠂ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠪᠣᠷᠣᠲᠣᠬᠤᠶ᠂ ᠳ᠋ᠡᠸ᠋ᠩᠺᠦᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠨᠤᠭᠤᠳ ᠢ | ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ | ᠬᠡᠷᠡᠭᠵᠢᠭᠦᠯᠦᠨ᠎ᠡ᠃ ᠤᠰᠤᠯᠠᠬᠤ ᠪᠠ ᠤᠰᠤ ᠲᠠᠲᠠᠷᠠᠭᠤᠯᠬᠤ ᠪᠡᠯᠡᠳᠬᠡᠮᠵᠢ ᠶᠢᠨ ᠰᠢᠰᠲ᠋ᠧᠮ ᠢ ᠪᠦᠷᠢᠨᠰᠢᠭᠦᠯᠵᠦ᠂ ᠤᠰᠤ | ᠳᠠᠮᠵᠢᠭᠤᠯᠬᠤ ᠪᠠ ᠤᠰᠤ ᠲᠦᠭᠡᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠢᠷᠬᠢ ᠪᠠ ᠴᠤᠤᠯ ᠭᠤᠤᠯ ᠤᠨ | ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠳᠣᠤᠷᠠᠳᠤ ᠤᠷᠤᠰᠬᠠᠯ ᠤᠨ ᠥᠪᠥᠷ ᠮᠣᠩᠭᠤᠯ ᠤᠨ ᠤᠰᠤᠯᠠᠯᠲᠠ ᠶᠢᠨ | ᠣᠷᠣᠨ ᠤ ᠲᠠᠷᠢᠶᠠᠨ ᠭᠠᠵᠠᠷ ᠤᠨ ᠪᠠᠷᠢᠯᠭ᠎ᠠ ᠶᠢ ᠲᠦᠷᠭᠡᠳᠬᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠤᠤᠭᠤᠬᠤ | ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠬᠡᠷᠡᠭᠵᠢᠭᠦᠯᠵᠦ᠂ | ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ᠂ ᠲᠦᠭᠡᠭᠡᠯ ᠤᠰᠤ ᠶᠢ ᠲᠦᠭᠡᠮᠡᠯᠵᠢᠭᠦᠯᠬᠦ | ᠨᠣᠷᠮ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠨᠥᠬᠦᠴᠡᠯ ᠢ ᠰᠠᠶᠢᠵᠢᠷᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | 4᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠭᠤᠤᠯ ᠮᠥᠷᠡᠨ ᠨᠠᠭᠤᠷ ᠴᠥᠭᠦᠷᠥᠮ ᠤᠨ ᠠᠮᠤᠷ | ᠲᠥᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ ᠤ ᠬᠡᠮᠵᠢᠶ᠎ᠡ ᠪᠠᠷ ᠬᠡᠷᠡᠭᠴᠡᠭᠡ ᠶᠢ ᠲᠣᠭᠲᠠᠭᠠᠵᠤ᠂ ᠤᠰᠤᠨ ᠤ | ᠬᠡᠮᠵᠢᠶ᠎ᠡ ᠪᠠᠷ ᠬᠡᠷᠡᠭᠯᠡᠨ᠎ᠡ᠃ ᠠᠷᠪᠢᠯᠠᠬᠤ ᠬᠢᠭᠡᠳ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠬᠦ | ᠬᠢᠭᠡᠳ ᠵᠠᠰᠠᠵᠤ ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠨ᠂ ᠤᠰᠤᠨ ᠤ ᠠᠮᠢ | ᠠᠬᠤᠶ ᠶᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠶᠢ ᠴᠢᠩᠭᠠᠳᠬᠠᠨ᠂ ᠭᠤᠣᠯ ᠨᠠᠭᠤᠷ ᠵᠢᠴᠢ ᠭᠠᠵᠠᠷ ᠳᠣᠣᠷᠠᠬᠢ | ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠳᠠᠲᠠᠵᠤ ᠪᠠᠶᠢᠭ᠎ᠠ ᠭᠤᠣᠯᠳᠠᠯᠭ᠎ᠠ ᠲᠠᠢ ᠣᠷᠣᠨ ᠤᠳ ᠢ ᠪᠦᠲᠦᠮᠵᠢᠲᠡᠶ ᠵᠠᠰᠠᠨ᠎ᠠ᠃ ᠪᠠᠷᠠᠭᠤᠨ ᠯᠢᠶᠣᠤᠾᠧ ᠭᠤᠣᠯ᠂ | ᠤᠯᠠᠭᠠᠨᠰᠤᠬᠠᠢ ᠨᠠᠭᠤᠷ᠂ ᠳᠠᠭ᠎ᠠ ᠶᠢᠨ ᠨᠠᠭᠤᠷ᠂ ᠵᠡᠭᠦᠨ ᠰᠤᠪᠨᠠᠭᠤᠷ᠂ ᠬᠠᠷ᠎ᠠ ᠤᠰᠤ ᠨᠠᠭᠤᠷ᠂ ᠳᠠᠯᠠᠢ ᠨᠠᠭᠤᠷ ᠵᠡᠷᠭᠡ | ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ | ᠲᠦᠯᠬᠢᠨ ᠠᠬᠢᠭᠤᠯᠤᠨ᠎ᠠ︔ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠠᠮᠢ | ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ᠂ ᠬᠥᠲᠥᠯ ᠲᠠᠷᠢᠶᠠᠨ ᠭᠠᠵᠠᠷ᠂ ᠵᠡᠭᠦᠨ ᠬᠤᠶᠢᠲᠤ ᠶᠢᠨ ᠬᠠᠷ᠎ᠠ | ᠬᠥᠷᠥᠰᠥᠨ ᠤ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠪᠦᠲᠦᠭᠡᠨ ᠪᠠᠶᠢᠭᠤᠯᠤᠯᠲᠠ ᠨᠤᠭᠤᠳ ᠢ ᠲᠦᠯᠬᠢᠨ | ᠠᠬᠢᠭᠤᠯᠵᠤ᠂ ᠬᠠᠲᠤᠨ ᠭᠤᠣᠯ ᠤᠨ ᠠᠷᠪᠠᠨ ᠶᠡᠭᠡ ᠨᠦᠬᠡ ᠶᠢ ᠵᠠᠰᠠᠬᠤ ᠪᠠ ᠬᠠᠲᠤᠨ ᠭᠤᠣᠯ ᠤᠨ ᠡᠯᠡᠰᠦ ᠶᠡᠬᠡᠲᠡᠶ | ᠪᠦᠳᠦᠭᠦᠯᠢᠭ ᠡᠯᠡᠰᠦᠷᠬᠡᠭ ᠣᠷᠣᠨ ᠤ ᠲᠥᠪᠯᠡᠷᠡᠩᠭᠦᠶ ᠢᠷᠡᠯᠲᠡ ᠶᠢᠨ ᠣᠷᠣᠨ ᠢ ᠵᠠᠰᠠᠬᠤ ᠶᠢ ᠢᠳᠡᠪᠬᠢᠲᠡᠶ ᠪᠠᠷ | ᠲᠦᠯᠬᠢᠨ ᠠᠬᠢᠭᠤᠯᠵᠤ᠂ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠵᠢᠴᠢ ᠬᠥᠳᠡᠭᠡ ᠲᠣᠰᠬᠤᠨ ᠤ ᠤᠰᠤᠨ | ᠰᠢᠰᠲ᠋ᠧᠮ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ ᠥᠷᠨᠢᠭᠦᠯᠦᠨ᠎ᠡ᠃ | ︵ᠭᠤᠷᠪᠠ︶ ᠲᠥᠯᠥᠪᠵᠢᠭᠦᠯᠭᠡ ᠶᠢᠨ ᠲᠥᠷᠥᠯ ᠵᠦᠢᠯ ᠤᠨ ᠪᠠᠶᠢᠳᠠᠯ | ᠲᠥᠯᠥᠪᠵᠢᠭᠦᠯᠭᠡ ᠨᠢ ︽ᠦᠨᠡᠨ ᠬᠦ ᠬᠡᠷᠡᠭᠴᠡᠭᠡ ᠲᠠᠢ᠂ ᠠᠮᠢ ᠠᠬᠤᠶ ᠶᠢᠨ ᠠᠮᠤᠷ ᠲᠦᠪᠰᠢᠨ᠂ | ᠦᠷᠭᠦᠯᠵᠢᠯᠡᠵᠦ ᠪᠣᠯᠬᠤ︾ ᠵᠠᠷᠴᠢᠮ ᠤᠨ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠨᠤᠲᠠᠯᠠᠭᠰᠠᠨ ᠤᠷᠢᠲᠠᠯ ᠳᠤ᠂ | ᠰᠠᠭᠤᠷᠢ ᠲᠠᠯᠪᠢᠬᠤ᠂ ᠠᠯᠤᠰ ᠬᠡᠳᠦ ᠶᠢ ᠬᠠᠮᠢᠶᠠᠷᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠳ ᠢ ᠬᠦᠴᠦᠨ ᠢᠶᠠᠨ | ᠲᠥᠪᠯᠡᠷᠡᠭᠦᠯᠦᠨ ᠪᠦᠲᠦᠭᠡᠨ ᠪᠠᠶᠢᠭᠤᠯᠵᠤ᠂ ᠲᠣᠪᠤᠶᠢᠮ᠎ᠠ ᠪᠠᠭᠤᠷᠠᠶ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠪᠦᠷᠢᠨᠰᠢᠭᠦᠯᠬᠦ ᠪᠠᠷ | ᠳᠤᠷᠠᠳᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠤᠰᠤᠨ ᠤ | ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ | 515 ᠪᠠᠶᠢᠵᠤ᠂ 1113 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ ᠤᠰᠤᠨ ᠠᠰᠢᠭᠯᠠᠯᠲᠠ ᠶᠢᠨ | ᠶᠠᠮᠤᠨ ᠤ ᠰᠢᠭᠰᠢᠨ ᠰᠣᠩᠭᠤᠬᠤ ᠲᠥᠷᠥᠯ ᠵᠦᠢᠯ ᠤᠨ ᠵᠠᠷᠴᠢᠮ ᠢᠶᠠᠷ ᠯᠠᠪᠯᠠᠯᠲᠠ ᠪᠣᠯᠭᠠᠵᠤ᠂ ᠲᠥᠷᠥᠯ ᠵᠦᠢᠯ ᠢ A᠂ | B᠂ C ᠭᠡᠵᠦ ᠭᠤᠷᠪᠠᠨ ᠲᠥᠷᠥᠯ ᠬᠤᠪᠢᠶᠠᠨ᠎ᠠ᠄ A ᠲᠥᠷᠥᠯ ᠪᠣᠯ ᠪᠠᠯᠠ ᠣᠷᠣᠭᠤᠯᠤᠯᠲᠠ ᠶᠢᠨ ᠠᠷᠭ᠎ᠠ ᠵᠠᠮ ᠨᠢ | ᠦᠨᠳᠦᠰᠦᠨ ᠳᠤ ᠪᠠᠨ ᠲᠣᠳᠣᠷᠬᠠᠶ ᠲᠥᠷᠥᠯ ᠵᠦᠢᠯ ᠪᠠᠶᠢᠵᠤ᠂ ᠡᠩ ᠤᠨ ᠪᠠᠶᠢᠳᠠᠯ ᠳᠤ ᠲᠥᠯᠥᠪᠵᠢᠭᠦᠯᠭᠡ ᠶᠢᠨ | ᠬᠤᠭᠤᠴᠠᠭᠠᠨ ᠳᠤ ᠬᠡᠷᠡᠭᠵᠢᠭᠦᠯᠵᠦ ᠳᠡᠶᠢᠯᠦᠨ᠎ᠡ︔ B ᠲᠥᠷᠥᠯ ᠪᠣᠯ ᠲᠥᠯᠥᠪᠵᠢᠭᠦᠯᠭᠡ ᠶᠢᠨ ᠬᠤᠭᠤᠴᠠᠭᠠᠨ ᠳᠤ | ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠪᠡᠯᠡ ᠣᠷᠣᠭᠤᠯᠤᠯᠲᠠ ᠶᠢᠨ ᠠᠷᠭ᠎ᠠ | ᠵᠠᠮ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠠᠵᠢᠯ ᠡᠬᠢᠯᠡᠭᠦᠯᠵᠦ ᠳᠡᠶᠢᠯᠬᠦ ᠲᠥᠷᠥᠯ ᠵᠦᠢᠯ ᠪᠣᠯᠤᠨ᠎ᠠ︔ C | ᠲᠥᠷᠥᠯ ᠨᠢ ᠪᠦᠲᠦᠭᠡᠨ ᠪᠠᠶᠢᠭᠤᠯᠬᠤ ᠨᠥᠬᠦᠴᠡᠯ᠂ ᠪᠡᠯᠡ ᠮᠥᠩᠭᠦ ᠶᠢᠨ ᠠᠷᠭ᠎ᠠ ᠵᠠᠮ ᠢ ᠤᠯᠠᠮ ᠨᠢᠭᠡ ᠠᠯᠬᠤᠮ | ᠰᠤᠳᠤᠯᠤᠨ ᠨᠤᠲᠠᠯᠠᠬᠤ ᠪᠠ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠲᠣᠬᠢᠲᠠᠢ | ᠴᠠᠭ ᠲᠤ ᠨᠢ ᠬᠢᠨᠠᠨ ᠵᠥᠪᠰᠢᠶᠡᠷᠡᠬᠦ ᠲᠥᠷᠦᠯ ᠵᠦᠢᠯ ᠪᠣᠯᠤᠨ᠎ᠠ᠃ | 1᠂ A ᠲᠥᠷᠥᠯ ᠤᠨ ᠲᠥᠷᠥᠯ ᠵᠦᠢᠯ ᠨᠡᠶᠢᠲᠡ 312 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ | 1789 ᠳ᠋ᠦᠩᠰᠢᠭᠤᠷ ᠲᠥᠭᠦᠷᠢᠭ ᠲᠤ ᠬᠦᠷᠦᠨ᠎ᠡ᠂ ᠡᠭᠦᠨ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ 901 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠨ᠎ᠠ᠃ ᠡᠭᠦᠨ ᠳᠤ | ᠄ ᠭᠤᠤᠯᠳᠠᠯᠭ᠎ᠠ ᠲᠠᠢ ᠲᠥᠷᠥᠯ ᠵᠦᠢᠯ 35 ᠪᠠᠶᠢᠵᠤ᠂ 1431 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠎ᠠ᠂ | ᠭᠤᠤᠯᠳᠠᠭᠤ ᠨᠢᠭᠡᠨᠲᠡ ᠠᠵᠢᠯ ᠡᠬᠢᠯᠡᠭᠦᠯᠦᠭᠰᠡᠨ ᠴᠤᠤᠯ ᠭᠤᠤᠯ ᠤᠨ ᠤᠰᠤ ᠶᠢ ᠲᠠᠲᠠᠵᠤ ᠯᠢᠶᠣᠤᠾᠧ ᠭᠤᠤᠯ ᠳᠤ | ᠨᠡᠮᠡᠷᠢᠯᠡᠬᠦ᠂ ᠵᠡᠭᠦᠨ ᠲᠠᠶᠢᠰᠠ ᠶᠢᠨ ᠪᠠᠷᠢᠯᠭ᠎ᠠ ᠶᠢᠨ 1 xb ᠤᠰᠤ ᠬᠠᠩᠭᠠᠬᠤ ᠥᠪᠥᠷ ᠮᠣᠩᠭᠤᠯ ᠤᠨ ᠰᠠᠯᠪᠤᠷᠢ | ᠱᠤᠭᠤᠮ ᠤᠨ ᠪᠠᠷᠢᠯᠭ᠎ᠠ᠂ ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠪᠠᠷᠢᠯᠭ᠎ᠠ | ᠵᠡᠷᠭᠡ ᠲᠥᠷᠥᠯ ᠵᠦᠢᠯ ᠤᠳ ᠢ ᠪᠠᠭᠲᠠᠭᠠᠨ᠎ᠠ᠃ ᠡᠩ ᠤᠨ ᠲᠥᠷᠥᠯ ᠵᠦᠢᠯ 277 ᠪᠠᠶᠢᠵᠤ᠂ ᠶᠡᠷᠦᠩᠬᠡᠶ ᠪᠡᠯᠡ | ᠣᠷᠣᠭᠤᠯᠤᠯᠲᠠ ᠨᠢ 357 ᠳ᠋ᠦᠩᠰᠢᠭᠤᠷ ᠲᠥᠭᠦᠷᠢᠭ ᠲᠤ ᠬᠦᠷᠦᠨ᠎ᠡ᠂ ᠭᠤᠣᠯᠳᠠᠭᠤ ᠨᠢᠭᠡᠨᠲᠡ ᠠᠵᠢᠯ | ᠡᠬᠢᠯᠡᠭᠦᠯᠦᠭᠰᠡᠨ ᠪᠤᠶᠤ ᠲᠥᠷᠥᠯ ᠵᠦᠢᠯ ᠪᠠᠶᠢᠭᠤᠯᠤᠭᠰᠠᠨ ᠬᠤᠪᠠ ᠶᠢᠨ ᠭᠤᠤ᠂ ᠭᠠᠭ᠋ᠠᠢ ᠠᠭᠤᠯᠠ ᠵᠡᠷᠭᠡ ᠳᠤᠮᠳᠠ | ᠬᠡᠯᠪᠡᠷᠢ ᠶᠢᠨ ᠴᠥᠭᠦᠷᠥᠮ ᠤᠨ ᠪᠠᠷᠢᠯᠭ᠎ᠠ᠂ ᠤᠯᠤᠰ ᠠᠴᠠ ᠪᠡᠯᠡ ᠣᠷᠤᠭᠤᠯᠬᠤ ᠠᠷᠭ᠎ᠠ ᠵᠠᠮ ᠲᠠᠢ ᠬᠥᠳᠡᠭᠡ | ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠷᠢᠯᠭ᠎ᠠ᠂ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ᠂ | ᠴᠢᠬᠤᠯᠠ ᠰᠠᠯᠪᠤᠷᠢ ᠤᠷᠤᠰᠬᠠᠯ᠂ ᠳᠤᠮᠳᠠ ᠪᠠᠭ᠎ᠠ ᠭᠤᠣᠯ ᠮᠥᠷᠡᠨ᠂ ᠠᠭᠤᠯᠠᠨ ᠦᠶᠡᠷ ᠤᠨ ᠭᠤᠤ ᠶᠢ ᠵᠠᠰᠠᠬᠤ᠂ | ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠵᠢᠴᠢ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ | ᠵᠠᠰᠠᠬᠤ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠᠷᠢᠯᠭ᠎ᠠ᠂ | ᠤᠰᠤᠨ ᠠᠰᠢᠭᠯᠠᠯᠲᠠ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠳ ᠢ | ᠪᠠᠭᠲᠠᠭᠠᠨ᠎ᠠ᠃ | 2᠂ B ᠲᠥᠷᠥᠯ ᠤᠨ ᠲᠥᠷᠥᠯ ᠵᠦᠢᠯ ᠨᠡᠶᠢᠲᠡ 203 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ | 612 ᠳ᠋ᠦᠩᠰᠢᠭᠤᠷ ᠲᠥᠭᠦᠷᠢᠭ ᠲᠤ ᠬᠦᠷᠦᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠳᠤ 211 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃ ᠡᠭᠦᠨ ᠳᠤ | ᠄ ᠭᠤᠤᠯᠳᠠᠯᠭ᠎ᠠ ᠲᠠᠢ ᠲᠥᠷᠥᠯ ᠵᠦᠢᠯ 13 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 324 ᠳ᠋ᠦᠩᠰᠢᠭᠤᠷ | ᠲᠥᠭᠦᠷᠢᠭ ᠲᠤ ᠬᠦᠷᠦᠨ᠎ᠡ᠂ ᠭᠤᠤᠯᠳᠠᠭᠤ ᠠᠯᠠᠱᠠ ᠶᠢᠨ ᠪᠠᠴᠢᠮ ᠪᠠᠶᠢᠳᠠᠯ ᠢ ᠠᠷᠭᠠᠴᠠᠭᠠᠬᠤ ᠦᠶᠡᠷ ᠰᠠᠯᠭᠠᠬᠤ | ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠬᠠᠲᠤᠨ ᠭᠤᠤᠯ ᠤᠨ ᠲᠠᠩ ᠤᠨ ᠣᠷᠣᠨ ᠤ ᠠᠷᠠᠳ ᠢ | ᠨᠡᠭᠦᠯᠭᠡᠬᠦ᠂ ᠬᠠᠷ᠎ᠠ ᠭᠤᠤᠯ ᠢ ᠶᠡᠷᠦᠩᠬᠡᠶᠢᠯᠡᠨ ᠵᠠᠰᠠᠬᠤ᠂ ᠬᠤᠵᠢᠷᠯᠢᠭ ᠨᠠᠭᠤᠷ ᠢ ᠶᠡᠷᠦᠩᠬᠡᠶᠢᠯᠡᠨ ᠵᠠᠰᠠᠬᠤ ᠵᠡᠷᠭᠡ ᠢ | ᠪᠠᠭᠲᠠᠭᠠᠨ᠎ᠠ᠃ ᠡᠩ ᠤᠨ ᠲᠦᠷᠦᠯ ᠵᠦᠢᠯ 190 ᠪᠠᠶᠢᠵᠤ᠂ 287 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠨ᠎ᠠ᠃ ᠡᠭᠦᠨ ᠳᠤ ᠭᠤᠣᠯᠳᠠᠭᠤ ᠤᠯᠤᠰ ᠠᠴᠠ ᠪᠡᠯᠡ ᠣᠷᠤᠭᠤᠯᠬᠤ ᠠᠷᠭ᠎ᠠ ᠵᠠᠮ ᠢ ᠬᠠᠷᠠᠬᠠᠨ | ᠲᠣᠳᠣᠷᠬᠠᠶᠢᠯᠠᠭᠠᠳᠤᠢ ᠵᠢᠵᠢᠭ ᠬᠡᠯᠪᠡᠷᠢ ᠶᠢᠨ ᠴᠥᠭᠦᠷᠥᠮ ᠪᠠ ᠳᠤᠮᠳᠠ ᠬᠡᠯᠪᠡᠷᠢ ᠶᠢᠨ ᠤᠰᠤᠨ ᠬᠠᠭᠠᠯᠲᠠ ᠶᠢᠨ | ᠠᠶᠤᠯ ᠢ ᠠᠷᠢᠯᠭᠠᠨ ᠪᠠᠬᠢᠯᠡᠬᠦ᠂ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ | ᠰᠤᠷᠪᠤᠯᠵᠢ᠂ ᠦᠶᠡᠷ ᠢ ᠰᠡᠷᠭᠡᠶᠢᠯᠡᠵᠦ ᠤᠰᠤᠲᠤᠯ ᠢ ᠲᠠᠲᠠᠷᠠᠭᠤᠯᠬᠤ ᠶᠢ ᠳᠡᠭᠡᠭᠰᠢᠯᠡᠭᠦᠯᠬᠦ᠂ ᠤᠰᠤᠨ ᠰᠤᠷᠪᠤᠯᠵᠢ ᠶᠢᠨ | ᠭᠠᠵᠠᠷ ᠢ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠳᠠᠲᠠᠵᠤ ᠪᠠᠶᠢᠭ᠎ᠠ ᠣᠷᠣᠨ ᠢ ᠵᠠᠰᠠᠬᠤ᠂ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠵᠡᠷᠭᠡ ᠵᠦᠢᠯᠡᠰ ᠢ | ᠪᠠᠭᠲᠠᠭᠠᠨ᠋ | 3᠂ C ᠲᠥᠷᠥᠯ ᠤᠨ ᠲᠥᠷᠥᠯ ᠵᠦᠢᠯ ᠨᠡᠶᠢᠲᠡ 193 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ | 677 ᠳ᠋ᠦᠩᠰᠢᠭᠤᠷ ᠲᠥᠭᠦᠷᠢᠭ ᠲᠤ ᠬᠦᠷᠦᠨ᠎ᠡ᠃ ᠡᠭᠦᠨ ᠳᠤ ᠭᠤᠣᠯᠳᠠᠯᠭ᠎ᠠ ᠲᠠᠢ ᠲᠥᠷᠥᠯ ᠵᠦᠢᠯ 12 ᠪᠠᠶᠢᠵᠤ᠂ | 99 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠎ᠠ᠂ ᠭᠤᠣᠯᠳᠠᠭᠤ ᠳᠠᠯᠠᠢ ᠨᠠᠭᠤᠷ ᠢ ᠵᠠᠰᠠᠬᠤ ᠢᠨᠵᠧᠨᠧᠷᠢᠩ᠂ | ᠭᠠᠨᠾᠧ ᠭᠤᠣᠯ ᠤᠨ ᠤᠰᠤ ᠲᠠᠲᠠᠬᠤ ᠤᠰᠤᠯᠠᠯᠲᠠ ᠶᠢᠨ ᠣᠷᠣᠨ ᠵᠡᠷᠭᠡ ᠲᠥᠷᠥᠯ ᠵᠦᠢᠯ ᠢ ᠪᠠᠭᠲᠠᠭᠠᠨ᠎ᠠ᠃ ᠡᠩ ᠤᠨ | ᠲᠦᠷᠦᠯ ᠵᠦᠢᠯ 181 ᠪᠠᠶᠢᠵᠤ ᠨᠡᠶᠢᠲᠡ 578 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠨ᠎ᠠ᠃ | ᠭᠤᠣᠯᠳᠠᠭᠤ᠄ ᠰᠢᠨ᠎ᠡ ᠪᠠᠷ ᠪᠠᠶᠢᠭᠤᠯᠤᠭᠳᠠᠭᠰᠠᠨ ᠤᠰᠤᠨ ᠰᠤᠷᠪᠤᠯᠵᠢ ᠶᠢᠨ ᠪᠠᠷᠢᠯᠭ᠎ᠠ ᠨᠤᠭᠤᠳ᠂ ᠲᠥᠯᠥᠪᠯᠡᠭᠰᠡᠨ | ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠠᠷᠢᠯᠭ᠎ᠠ ᠨᠤᠭᠤᠳ᠂ ᠬᠢᠵᠠᠭᠠᠷᠯᠠᠬᠤ ᠨᠥᠬᠦᠴᠡᠯ ᠲᠠᠢ | ᠪᠤᠶᠤ ᠡᠮᠦᠨᠡᠬᠢ ᠬᠤᠭᠤᠴᠠᠭᠠᠨ ᠤ ᠠᠵᠢᠯ ᠨᠢ ᠭᠦᠢᠴᠡᠳ ᠪᠤᠰᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ | ᠪᠠᠷᠢᠯᠭ᠎ᠠ ᠨᠤᠭᠤᠳ᠂ ᠵᠢᠵᠢᠭ ᠬᠡᠯᠪᠡᠷᠢ ᠶᠢᠨ ᠤᠰᠤ ᠲᠠᠲᠠᠬᠤ ᠪᠠᠷᠢᠯᠭ᠎ᠠ ᠨᠤᠭᠤᠳ᠂ ᠠᠭᠤᠯᠠᠨ ᠦᠶᠡᠷ ᠤᠨ ᠭᠠᠮᠰᠢᠭ ᠢ | ᠰᠡᠷᠭᠡᠶᠢᠯᠡᠨ ᠵᠠᠰᠠᠬᠤ᠂ ᠴᠥᠭᠦᠷᠥᠮ ᠢ ᠠᠰᠢᠭᠯᠠᠯᠲᠠ ᠠᠴᠠ ᠭᠠᠷᠭᠠᠬᠤ᠂ ᠰᠢᠨ᠎ᠡ ᠪᠠᠷ ᠪᠠᠶᠢᠭᠤᠯᠬᠤ ᠦᠶᠡᠷ ᠢ | ᠲᠣᠭᠲᠠᠭᠠᠬᠤ ᠣᠷᠣᠨ᠂ ᠣᠳᠣᠬᠠᠨ ᠳᠤ ᠤᠯᠤᠰ ᠤᠨ ᠪᠡᠯᠡ ᠣᠷᠣᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠶ | ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠲᠥᠷᠥᠯ ᠵᠦᠢᠯ ᠤᠳ ᠢ ᠪᠠᠭᠲᠠᠭᠠᠨ᠎ᠠ᠃ | ᠬᠤᠶᠠᠷ᠂ ᠲᠥᠯᠥᠪᠵᠢᠭᠦᠯᠭᠡ ᠶᠢ ᠬᠡᠷᠡᠭᠵᠢᠭᠦᠯᠬᠦ ᠦᠷ᠎ᠡ ᠪᠦᠲᠦᠮᠵᠢ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠤ ᠲᠠᠷᠠᠭ᠎ᠠ᠂ ᠤᠰᠤᠨ ᠠᠰᠢᠭᠯᠠᠯᠲᠠ ᠶᠢᠨ ᠰᠠᠭᠤᠷᠢ | ᠪᠡᠯᠡᠳᠬᠡᠮᠵᠢ ᠶᠢᠨ ᠲᠣᠣᠷ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠪᠠ | ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠵᠦ ᠪᠣᠯᠤᠨ᠎ᠠ᠃ | ︵ᠨᠢᠭᠡ︶ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ | ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ | ᠪᠦᠷᠢᠨᠰᠢᠭᠦᠯᠵᠦ᠂ ᠤᠰᠤᠨ ᠤ ᠠᠶᠤᠯ ᠦᠭᠡᠶ ᠶᠢᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠪᠣᠯᠤᠨ᠎ᠠ᠃ | ᠴᠢᠬᠤᠯᠠ ᠶᠡᠭᠡ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ | ᠦᠨᠳᠦᠰᠦᠨ ᠳᠤ ᠨᠢ ᠪᠦᠲᠦᠭᠡᠨ ᠪᠠᠶᠢᠭᠤᠯᠵᠤ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠨᠥᠬᠦᠴᠡᠯ᠂ ᠤᠳᠤ | ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠰᠠᠨ ᠤᠰᠤ ᠠᠷᠪᠢᠯᠠᠬᠤ | ᠤᠰᠤᠯᠠᠯᠲᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠎ᠠ᠃ ᠨᠢᠭᠡ ᠪᠦᠯᠦᠭ ᠴᠢᠬᠤᠯᠠ ᠶᠡᠭᠡ ᠤᠰᠤ ᠵᠠᠯᠠᠵᠤ | ᠤᠰᠤ ᠲᠠᠲᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠤᠭᠤᠳ ᠢ ᠰᠢᠨᠵᠢᠯᠡᠬᠦ ᠤᠬᠠᠭᠠᠨᠴᠢ ᠪᠠᠷ | ᠬᠡᠷᠡᠭᠵᠢᠭᠦᠯᠵᠦ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ᠂ | ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠵᠤ ᠥᠭᠭᠦᠨ᠎ᠡ᠃ ᠭᠤᠣᠯ | ᠮᠥᠷᠡᠨ ᠨᠠᠭᠤᠷ ᠴᠥᠭᠦᠷᠥᠮ ᠢ ᠵᠠᠰᠠᠬᠤ ᠭᠤᠣᠯᠯᠠᠭᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠤᠭᠤᠳ ᠢ | ᠲᠦᠷᠭᠡᠳᠬᠡᠵᠦ᠂ ᠴᠢᠬᠤᠯᠠ ᠰᠠᠯᠪᠤᠷᠢ ᠤᠷᠤᠰᠬᠠᠯ ᠪᠠ ᠳᠤᠮᠳᠠ ᠵᠢᠵᠢᠭ ᠭᠤᠣᠯ ᠮᠥᠷᠡᠨ ᠢ ᠵᠠᠰᠠᠬᠤ ᠠᠵᠢᠯ ᠢ | ᠬᠡᠷᠡᠭᠵᠢᠭᠦᠯᠵᠦ᠂ ᠠᠶᠤᠯᠲᠠᠢ ᠤᠰᠤᠨ ᠬᠠᠭᠠᠯᠲᠠ ᠶᠢᠨ ᠴᠥᠭᠦᠷᠥᠮ ᠤᠳ ᠤᠨ ᠠᠶᠤᠯ ᠢ ᠠᠷᠢᠯᠭᠠᠨ ᠪᠠᠬᠢᠯᠡᠵᠦ᠂ ᠶᠡᠭᠡ | ᠭᠤᠣᠯ ᠮᠥᠷᠡᠨ᠂ ᠴᠢᠬᠤᠯᠠ ᠰᠠᠯᠪᠤᠷᠢ ᠤᠷᠤᠰᠬᠠᠯ ᠪᠠ ᠣᠷᠣᠨ ᠪᠦᠰᠡ ᠶᠢᠨ ᠦᠶᠡᠷ ᠰᠡᠷᠭᠡᠶᠢᠯᠡᠵᠦ ᠭᠠᠮᠰᠢᠭ ᠢ | ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ ᠤᠳ ᠤᠨ | ᠦᠶᠡᠷ ᠢ ᠰᠡᠷᠭᠡᠶᠢᠯᠡᠬᠦ ᠠᠮᠤᠷ ᠲᠦᠪᠰᠢᠨ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠬᠦᠴᠦᠲᠡᠢ ᠪᠠᠲᠤᠯᠠᠨ᠎ᠠ᠃ | ︵ᠬᠤᠶᠠᠷ︶ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠨᠤᠭᠤᠳ ᠨᠢ ᠬᠥᠳᠡᠭᠡ ᠲᠣᠰᠬᠤᠨ ᠤ ᠤᠤᠭᠤᠬᠤ ᠤᠰᠤᠨ ᠤ ᠪᠠᠲᠤᠯᠠᠭ᠎ᠠ ᠶᠢᠨ ᠬᠡᠮᠵᠢᠶ᠎ᠡ ᠶᠢ | ᠪᠠᠬᠢᠵᠢᠭᠦᠯᠦᠨ ᠳᠡᠭᠡᠭᠰᠢᠯᠡᠭᠦᠯᠬᠦ ᠪᠣᠯᠤᠨ᠎ᠠ᠃ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ | ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠳ ᠢ ᠬᠡᠷᠡᠭᠵᠢᠭᠦᠯᠬᠦ ᠨᠢ ᠬᠥᠳᠡᠭᠡ ᠲᠣᠰᠬᠤᠨ ᠤ ᠤᠰᠤ ᠬᠠᠩᠭᠠᠬᠤ | ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠡᠬᠢ | ᠰᠤᠷᠪᠤᠯᠵᠢ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠂ ᠬᠠᠩᠭᠠᠬᠤ ᠤᠰᠤᠨ ᠤ ᠴᠢᠨᠠᠷ ᠢ ᠰᠠᠶᠢᠵᠢᠷᠠᠭᠤᠯᠵᠤ᠂ | ᠬᠥᠳᠡᠭᠡ ᠲᠣᠰᠬᠤᠨ ᠤ ᠤᠰᠤ ᠬᠠᠩᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠪᠣᠯᠤᠨ᠎ᠠ᠃ ᠲᠥᠯᠥᠪᠵᠢᠭᠦᠯᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠱᠢᠯᠲᠡ ᠪᠠᠷ ᠬᠥᠳᠡᠭᠡ | ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠨᠢ 82% ᠠᠴᠠ ᠳᠡᠭᠡᠭᠰᠢ ᠳᠤ ᠬᠦᠷᠴᠦ᠂ | ᠬᠥᠳᠡᠭᠡ ᠲᠣᠰᠬᠤᠨ ᠤ ᠲᠥᠪᠯᠡᠷᠡᠭᠰᠡᠨ ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠤᠨ ᠤᠰᠤ ᠬᠠᠩᠭᠠᠬᠤ | ᠨᠣᠷᠮ᠎ᠠ ᠨᠢ 85% ᠠᠴᠠ ᠳᠡᠭᠡᠭᠰᠢ ᠳᠤ ᠬᠦᠷᠴᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ | ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠬᠦ ᠪᠣᠯᠤᠨ᠎ᠠ᠃ | ︵ᠭᠤᠷᠪᠠ︶ ᠤᠰᠤᠨ ᠤ ᠠᠮᠢ ᠠᠬᠤᠶ ᠶᠢ ᠵᠠᠰᠠᠬᠤ ᠪᠠ ᠬᠠᠮᠠᠭᠠᠯᠠᠬᠤ ᠢᠨᠵᠧᠨᠧᠷᠢᠩ ᠤᠳ ᠨᠢ ᠭᠤᠤᠯ ᠮᠥᠷᠡᠨ | ᠨᠠᠭᠤᠷ ᠴᠥᠭᠦᠷᠥᠮ ᠤᠨ ᠠᠮᠢ ᠠᠬᠤᠶ ᠶᠢᠨ ᠠᠮᠤᠷ ᠲᠥᠪᠰᠢᠨ ᠢ ᠬᠦᠴᠦᠲᠡᠶ ᠰᠠᠶᠢᠵᠢᠷᠠᠭᠤᠯᠵᠤ᠂ ᠬᠥᠷᠥᠰᠥ | ᠰᠢᠷᠣᠶ ᠶᠢᠨ ᠢᠳᠡᠭᠳᠡᠯ ᠢ ᠵᠠᠰᠠᠬᠤ ᠶᠢ ᠳᠥᠯᠭᠢᠨ ᠠᠬᠢᠭᠤᠯᠬᠤ ᠪᠣᠯᠤᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠠᠮᠢ | ᠠᠬᠤᠶ ᠶᠢᠨ ᠪᠦᠲᠦᠭᠡᠨ ᠪᠠᠶᠢᠭᠤᠯᠤᠯᠲᠠ ᠨᠤᠭᠤᠳ ᠢ ᠲᠦᠯᠬᠢᠨ ᠠᠭᠢᠭᠤᠯᠬᠤ ᠨᠢ ᠭᠤᠤᠯᠳᠠᠯᠭ᠎ᠠ ᠲᠠᠢ ᠰᠡᠷᠭᠡᠶᠢᠯᠡᠨ | ᠵᠠᠰᠠᠬᠤ ᠭᠠᠵᠠᠷ ᠣᠷᠣᠨ ᠤ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ | ᠪᠣᠯᠤᠨ᠎ᠠ᠃ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠪᠠᠶᠢᠭ᠎ᠠ | ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠬᠤ ᠨᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ | ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ | ᠪᠠᠶᠢᠭ᠎ᠠ ᠪᠠᠶᠢᠳᠠᠯ ᠢ ᠬᠤᠷᠢᠭᠯᠠᠬᠤ ᠪᠣᠯᠤᠨ᠎ᠠ᠃ ᠲᠥᠯᠥᠪᠵᠢᠭᠦᠯᠭᠡ ᠶᠢ ᠬᠡᠷᠡᠭᠵᠢᠭᠦᠯᠬᠦ ᠪᠠᠷ ᠳᠡᠮᠵᠢᠨ᠂ ᠤᠰᠤᠨ ᠤ ᠠᠮᠢ | ᠠᠬᠤᠶ ᠶᠢᠨ ᠰᠢᠰᠲ᠋ᠧᠮ ᠤᠨ ᠠᠮᠤᠷ ᠲᠥᠪᠰᠢᠨ ᠪᠠ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ | ᠴᠢᠨᠠᠷ ᠤᠯᠠᠮ ᠨᠢᠭᠡ ᠠᠯᠬᠤᠮ ᠰᠠᠶᠢᠵᠢᠷᠠᠭᠤᠯᠬᠤ ᠪᠤᠯᠤᠨ᠎ᠠ᠃ |