ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠪᠥᠬᠦ ᠰᠢᠶᠠᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/10/14
      10 ᠳ᠋ᠤᠭᠠᠷ ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠪᠥᠬᠦ ᠰᠢᠶᠠᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃
     ᠲᠣᠭᠲᠠᠬᠤ ᠰᠢᠶᠠᠨ ᠤ ᠢᠯᠴᠢ ᠶᠢᠨ ᠬᠦᠴᠦᠨ ᠤ ᠺᠣᠮᠫᠠᠨᠢ᠂ ᠶᠦᠨ ᠵᠥᠩ ᠢᠯᠴᠢ ᠶᠢᠨ ᠬᠦᠴᠦᠨ ᠤ ᠺᠣᠮᠫᠠᠨᠢ᠂ ᠵᠥᠩ ᠰᠢᠨ ᠢᠯᠴᠢ ᠶᠢᠨ ᠬᠦᠴᠦᠨ ᠤ ᠺᠣᠮᠫᠠᠨᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ᠂ ᠡᠪᠦᠯ ᠤᠨ ᠤᠯᠠᠷᠢᠯ ᠤᠨ ᠨᠡᠭᠦᠷᠡᠰᠦ ᠰᠢᠲᠠᠭᠠᠬᠤ ᠨᠥᠭᠡᠴᠡ᠂ ᠢᠯᠴᠢ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠪᠦᠯ ᠤᠨ ᠤᠯᠠᠷᠢᠯ ᠤᠨ ᠢᠯᠴᠢ ᠬᠠᠩᠭᠠᠬᠤ ᠪᠡᠯᠡᠳᠬᠡᠯ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠪᠠᠶᠢᠷᠢᠯᠠᠭᠤᠯᠵᠤ᠂ ᠣᠳᠣᠬᠠᠨ ᠤ ᠢᠯᠴᠢ ᠬᠠᠩᠭᠠᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠭᠰᠡᠨ ᠪᠥᠭᠡᠳ ᠲᠤᠬᠠᠶ ᠶᠢᠨ ᠲᠠᠯᠠᠪᠤᠷ ᠲᠤ ᠢᠯᠴᠢ ᠬᠠᠩᠭᠠᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠢᠯᠴᠢ ᠬᠠᠩᠭᠠᠬᠤ ᠪᠣᠯ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠪᠦᠯ ᠤᠨ ᠤᠯᠠᠷᠢᠯ ᠤᠨ ᠢᠯᠴᠢ ᠬᠠᠩᠭᠠᠬᠤ ᠶᠢ ᠣᠳᠣᠬᠠᠨ ᠤ ᠲᠡᠷᠢᠭᠦᠨ ᠵᠡᠷᠭᠡ ᠶᠢᠨ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠭᠠᠨ ᠠᠳᠬᠤᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠡᠷᠲᠡᠬᠡᠨ ᠬᠥᠳᠡᠯᠦᠯᠴᠡᠨ᠂ ᠨᠠᠷᠢᠨ ᠨᠢᠮᠪᠠᠶ ᠪᠡᠯᠡᠳᠬᠡᠬᠦ ᠬᠡᠷᠡᠭᠲᠡᠶ᠃ ᠢᠯᠴᠢ ᠬᠠᠩᠭᠠᠬᠤ ᠠᠵᠤ ᠠᠬᠤᠶᠢᠯᠠᠯ ᠤᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠡᠯ᠎ᠡ ᠵᠦᠢᠯ ᠤᠨ ᠠᠵᠢᠯ ᠢᠶᠠᠨ ᠰᠡᠳᠬᠢᠯ ᠲᠠᠯᠪᠢᠨ ᠰᠠᠶᠢᠲᠤᠷ ᠬᠢᠵᠦ᠂ ᠠᠶᠦᠯᠭᠦᠢ ᠦᠢᠯᠡᠳᠪᠦᠷᠢᠯᠡᠯ ᠤᠨ ᠪᠣᠭᠤᠮᠲᠠ ᠶᠢ ᠴᠢᠩᠭ᠎ᠠ ᠠᠳᠬᠤᠵᠤ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠪᠠᠨ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠡᠷᠡᠰ ᠠᠷᠢᠯᠭᠠᠵᠤ᠂ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠢᠯᠴᠢ ᠬᠠᠩᠭᠠᠬᠤ ᠠᠵᠤ ᠠᠬᠤᠶᠢᠯᠠᠯ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠳᠣᠭᠢᠷᠠᠭᠤᠯᠤᠨ ᠬᠢᠨᠠᠨ ᠬᠡᠮᠵᠢᠬᠦ ᠪᠠ ᠵᠤᠬᠢᠴᠠᠭᠤᠯᠤᠯᠳᠠ ᠶᠢ ᠲᠡᠮᠡᠴᠡᠨ ᠤᠯᠬᠤ ᠶᠢ ᠴᠢᠩᠭᠠᠳᠬᠠᠨ᠂ ᠨᠡᠭᠦᠷᠡᠰᠦᠨ ᠤ ᠢᠷᠡᠯᠲᠡ ᠶᠢ ᠣᠯᠠᠨ ᠠᠷᠭ᠎ᠠ ᠵᠠᠮ ᠢᠶᠠᠷ ᠨᠠᠶᠢᠳᠠᠪᠤᠷᠢᠵᠢᠭᠤᠯᠵᠤ᠂ ᠨᠡᠭᠦᠷᠡᠰᠦᠨ ᠤ ᠬᠠᠳᠠᠭᠠᠯᠠᠭᠳᠠᠴᠠ ᠶᠢ ᠨᠡᠮᠡᠭᠳᠡᠭᠦᠯᠦᠨ᠂ ᠲᠣᠭᠲᠠᠭᠰᠠᠨ ᠴᠠᠭ ᠲᠠᠭᠠᠨ ᠢᠯᠴᠢ ᠬᠠᠩᠭᠠᠵᠤ᠂ ᠶᠠᠰᠤ ᠴᠢᠨᠠᠷ ᠢ ᠪᠠᠲᠤᠯᠠᠨ᠂ ᠠᠷᠠᠳ ᠣᠯᠠᠨ ᠤ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ
     ᠲᠣᠭᠲᠠᠬᠤ ᠰᠢᠶᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠳᠤᠯᠠᠭᠠᠯᠭ᠎ᠠ ᠶᠢᠨ ᠪᠡᠯᠡᠳᠬᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠰᠤᠷᠭᠠᠭᠤᠯᠢ ᠶᠢᠨ ᠳᠤᠯᠠᠭᠠᠯᠭ᠎ᠠ ᠶᠢᠨ ᠡᠯ᠎ᠡ ᠵᠦᠢᠯ ᠤᠨ ᠠᠵᠢᠯ ᠢ ᠡᠷᠬᠡᠪᠰᠢ ᠰᠠᠶᠢᠲᠤᠷ ᠬᠢᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠬᠠᠯᠠᠭᠤᠨ ᠳᠤᠯᠠᠭᠠᠨ ᠢᠶᠠᠷ ᠠᠵᠢᠯᠯᠠᠬᠤ᠂ ᠰᠤᠷᠤᠯᠴᠠᠬᠤ ᠪᠠ ᠠᠮᠢᠳᠤᠷᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1