ᠲᠣᠭᠲᠠᠬᠤ ᠰᠢᠶᠠᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/15
      10 ᠳ᠋ᠤᠭᠠᠷ ᠰᠠᠷ᠎ᠠ ᠶᠢᠨ 13 ᠤ ᠡᠳᠦᠷ᠂ ᠲᠣᠭᠲᠠᠬᠤ ᠰᠢᠶᠠᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠡᠮᠦᠨᠡᠬᠢ ᠬᠤᠭᠤᠴᠠᠭᠠᠨ ᠤ ᠡᠭᠦᠳᠦᠨ ᠪᠠᠶᠢᠭᠤᠯᠬᠤ ᠠᠵᠢᠯ ᠢ ᠳ᠋ᠦᠩᠨᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠵᠠᠳᠠᠯᠤᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃      ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ᠂ ᠭᠤᠤ ᠬᠠᠨ᠂ ᠦ᠋ ᠹᠦ᠋ ᠵᠦᠩ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠦ᠋ ᠹᠦ᠋ ᠵᠦᠩ ᠬᠤᠷᠠᠯ ᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠮᠢᠩ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠤ ᠨᠠᠶᠢᠳᠠᠯᠭ᠎ᠠ ᠪᠠᠷ ᠶᠠᠷᠢᠶ᠎ᠠ ᠲᠠᠯᠪᠢᠪᠠ᠃
   ᠬᠤᠷᠠᠯ ᠠᠴᠠ ᠵᠢᠭᠠᠵᠤ ᠭᠠᠷᠭᠠᠭᠰᠠᠨ ᠨᠢ᠂ ᠪᠣᠯᠪᠠᠰᠤᠨ ᠬᠤᠲᠠ ᠪᠣᠯ ᠡᠯ᠎ᠡ ᠲᠥᠷᠥᠯ ᠤᠨ ᠬᠤᠲᠠ ᠶᠢᠨ ᠢᠷᠠᠭᠤ ᠠᠯᠳᠠᠷ ᠤᠨ ᠴᠣᠯᠠ ᠶᠢᠨ ᠳᠣᠲᠣᠷᠠᠬᠢ ᠬᠠᠮᠤᠭ ᠤᠨ ᠥᠨᠳᠥᠷ ᠶᠡᠷᠦᠩᠬᠡᠶᠢᠯᠡᠭᠰᠡᠨ ᠴᠢᠨᠠᠷᠲᠠᠶ ᠢᠷᠠᠭᠤ ᠠᠯᠳᠠᠷ ᠤᠨ ᠴᠣᠯᠠ ᠮᠥᠨ᠃ ᠬᠡᠨ ᠡᠨᠡ ᠬᠦ ᠢᠷᠠᠭᠤ ᠠᠯᠳᠠᠷ ᠢ ᠣᠯᠪᠠᠯ᠂ ᠲᠡᠷᠡ ᠳᠠᠷᠤᠶ ᠨᠢᠭᠡᠨ ᠬᠤᠲᠠ ᠶᠢᠨ ᠬᠠᠮᠤᠭ ᠤᠨ ᠦᠨ᠎ᠡ ᠥᠷᠲᠡᠭ ᠲᠠᠢ ᠳᠠᠯᠳᠠ ᠬᠥᠷᠥᠩᠭᠡ ᠪᠠ ᠬᠠᠮᠤᠭ ᠤᠨ ᠨᠥᠯᠥᠭᠡᠯᠡᠬᠦ ᠬᠦᠴᠦᠨ ᠲᠠᠢ ᠠᠯᠲᠠᠨ ᠦᠰᠦᠭᠲᠦ ᠨᠡᠷ᠎ᠡ ᠶᠢᠨ ᠬᠠᠭᠤᠳᠠᠰᠤ ᠶᠢ ᠲᠡᠮᠡᠴᠡᠨ ᠣᠯᠵᠤ ᠴᠢᠳᠠᠨ᠎ᠠ᠃ ᠪᠥᠬᠦ ᠰᠢᠶᠠᠨ ᠢᠶᠠᠷ ᠢᠶᠠᠨ ᠰᠢᠨᠲᠠᠷᠠᠰᠢ ᠥᠬᠡᠶ᠂ ᠬᠠᠯᠠᠰᠢᠷᠠᠯ ᠥᠬᠡᠶ᠂ ᠵᠠᠮ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠪᠠᠶᠢᠴᠠᠭᠠᠨ ᠰᠢᠯᠭᠠᠵᠤ ᠦᠨᠡᠯᠡᠬᠦ ᠳᠤ ᠰᠠᠶᠢᠨ ᠬᠢᠷᠢ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠳᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠥᠷᠢᠰᠥᠯᠳᠦᠭᠡᠨ ᠬᠤᠷᠴᠠ ᠰᠢᠷᠦᠭᠦᠨ᠂ ᠴᠠᠭ ᠪᠠᠴᠢᠮ᠂ ᠡᠭᠦᠷᠭᠡ ᠬᠠᠲᠠᠭᠤ ᠪᠡᠷᠬᠡ ᠪᠠᠶᠢᠭ᠎ᠠ ᠬᠦᠨᠳᠦ ᠬᠡᠴᠡᠭᠦᠤ ᠪᠠᠶᠢᠳᠠᠯ ᠤᠨ ᠡᠮᠦᠨ᠎ᠡ᠂ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠵᠤ᠂ ︽ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠰᠢᠯᠭᠠᠨ ᠦᠨᠡᠯᠡᠬᠦ ᠰᠢᠰᠲ᠋ᠧᠮ︾ ᠲᠠᠢ ᠬᠠᠷᠢᠴᠠᠭᠤᠯᠤᠨ᠂ ᠠᠯᠳᠠᠭᠳᠠᠯ ᠢ ᠬᠢᠨᠠᠮᠠᠭᠠᠶ ᠪᠠᠶᠢᠴᠠᠭᠠᠨ ᠲᠤᠳᠠᠭᠤᠳᠠᠯ ᠢᠶᠠᠨ ᠨᠥᠬᠦᠪᠥᠷᠢᠯᠡᠵᠦ᠂ ᠪᠥᠬᠦ ᠬᠦᠴᠦᠨ ᠢᠶᠠᠷ ᠢᠶᠠᠨ ᠬᠦᠴᠦᠷᠬᠡᠭ ᠢ ᠪᠠᠲᠤᠳᠬᠠᠨ ᠪᠠᠭᠤᠷᠠᠶ ᠶᠢ ᠨᠥᠬᠦᠪᠥᠷᠢᠯᠡᠵᠦ᠂ ᠠᠵᠢᠯ ᠤᠨ ᠭᠤᠤᠯᠳᠠᠯᠭ᠎ᠠ ᠶᠢ ᠡᠵᠡᠮᠳᠡᠨ᠂ ᠨᠢᠭᠡ ᠨᠢᠭᠡ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠶ᠃ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠪᠦᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠮᠠᠨ ᠤ ᠰᠢᠶᠠᠨ ᠤ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ      ᠬᠤᠷᠠᠯ ᠳᠡᠭᠡᠷ᠎ᠡ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠲᠤᠪᠴᠢᠶ᠎ᠠ᠂ ᠰᠢᠶᠠᠨ ᠤ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠤᠪᠴᠢᠶ᠎ᠠ᠂ ᠰᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ᠂ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠲᠤᠪᠴᠢᠶ᠎ᠠ᠂ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠬᠠᠷᠢᠭᠤᠴᠠᠯᠭᠠᠲᠠᠨ ᠨᠥᠬᠦᠳ ᠲᠤᠰ ᠲᠤᠰ ᠣᠪᠣᠷ ᠢᠶᠠᠨ ᠢᠯᠡᠳᠬᠡᠬᠦ ᠦᠭᠡ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1