ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠡᠴᠡᠨᠪᠢᠯᠢᠭ ᠮᠠᠨ ᠤ ᠰᠢᠶᠠᠨ ᠳᠤ ᠭᠦᠨᠵᠡᠭᠡᠶᠢᠷᠡᠨ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/10/15
      10 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠡᠴᠡᠨᠪᠢᠯᠢᠭ ᠤᠨ ᠳᠠᠭᠠᠭᠤᠯᠤᠭᠰᠠᠨ ᠭᠤᠷᠪᠠᠳᠤᠭᠠᠷ ᠬᠤᠭᠤᠴᠠᠭᠠᠨ ᠤ ᠬᠤᠭᠤᠴᠠᠭ᠎ᠠ ᠰᠣᠯᠢᠬᠤ ᠠᠵᠢᠯ ᠤᠨ ᠵᠢᠯᠣᠭᠤᠳᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠵᠢᠯᠣᠭᠤᠳᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠰᠢᠶᠦ᠋ᠨ᠂ ᠳᠡᠳ᠋ ᠡᠷᠬᠢᠯᠡᠭᠴᠢ ᠸᠧᠨ ᠵᠢᠶᠠᠩ ᠬᠠᠢ᠂ ᠹᠠᠨ ᠷᠦᠢ ᠫᠢᠩ᠂ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠤᠨ ᠨᠠᠮ ᠤᠨ ᠠᠵᠢᠯ ᠤᠨ ᠵᠦᠪᠯᠡᠯ ᠤᠨ ᠱᠦᠵᠢ ᠭᠦᠸᠧ ᠬᠠᠢ ᠵᠢᠶᠦ᠋ᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠠᠵᠢᠯ ᠤᠨ ᠵᠥᠪᠯᠡᠯ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ  ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃
     ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠪᠣᠯᠤᠨ ᠥᠪᠥᠷ ᠮᠣᠩᠭᠤᠯ ᠤᠨ ᠳ᠋ᠠ ᠲᠠᠩ ᠤᠯᠠᠨ ᠤᠯᠤᠰ ᠤᠨ ᠬᠥᠬᠡᠬᠤᠲᠠ ᠶᠢᠨ ᠬᠦᠩᠭᠡᠨ ᠴᠠᠭᠠᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠲᠣᠭᠲᠠᠬᠤ ᠰᠢᠶᠠᠨ ᠤ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠢ ᠵᠢᠭᠠᠨ ᠵᠢᠯᠣᠭᠤᠳᠪᠠ᠃ ᠰᠡᠴᠡᠨᠪᠢᠯᠢᠭ ᠮᠠᠨ ᠤ ᠰᠢᠶᠠᠨ ᠤ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠣᠯᠤᠭᠰᠠᠨ ᠱᠠᠲᠤ ᠦᠶ᠎ᠡ ᠶᠢᠨ ᠴᠢᠨᠠᠷᠲᠠᠶ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠤᠨ ᠳᠤᠮᠳᠠᠬᠢ ᠡᠵᠡᠮᠰᠢᠬᠦ ᠴᠢᠬᠤᠯᠠᠲᠠᠶ ᠠᠰᠠᠭᠤᠳᠠᠯ ᠤᠨ ᠲᠤᠬᠠᠶ ᠲᠠᠷᠠᠭᠠᠴᠢ ᠶᠢᠨ ᠱᠠᠲᠤᠨ ᠤ ᠠᠵᠢᠯ ᠤᠨ ᠰᠡᠳᠬᠢᠮᠵᠢ ᠶᠢᠨ ᠲᠤᠬᠠᠶ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠪᠠ᠃
     ᠰᠡᠴᠡᠨᠪᠢᠯᠢᠭ ᠵᠢᠭᠠᠵᠤ ᠭᠠᠷᠭᠠᠭᠰᠠᠨ ᠨᠢ᠂ ᠣᠳᠣᠬᠢ ᠱᠠᠲᠤᠨ ᠤ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠪᠣᠯ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠭᠤᠷᠢ ᠴᠢᠨᠠᠷᠲᠠᠢ ᠠᠵᠢᠯ ᠪᠣᠯᠤᠨ᠎ᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠡᠯ᠎ᠡ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠣᠩᠭᠤᠭᠤᠯᠢ ᠳᠤ ᠣᠷᠣᠯᠴᠠᠬᠤ ᠬᠥᠮᠦᠨ ᠤ ᠲᠤᠭ᠎ᠠ ᠶᠢ ᠦᠨᠡᠨ ᠬᠦ ᠪᠠᠲᠤᠯᠠᠵᠤ᠂ ᠰᠣᠩᠭᠤᠭᠤᠯᠢ ᠶᠢᠨ ᠠᠷᠠᠳ ᠤᠨ ᠲᠤᠭ᠎ᠠ ᠶᠢ ᠬᠢᠨᠠᠨ ᠵᠥᠪᠰᠢᠶᠡᠷᠡᠵᠦ᠂ ᠬᠠᠤᠯᠢ ᠴᠠᠭᠠᠵᠠ ᠳᠤ ᠲᠣᠭᠲᠠᠭᠠᠭᠰᠠᠨ ︽ᠭᠤᠷᠪᠠ ᠶᠢ ᠨᠡᠮᠡᠭᠳᠡᠭᠦᠯᠵᠦ ᠭᠤᠷᠪᠠ ᠶᠢ ᠬᠠᠰᠤᠬᠤ︾ ᠶᠢ ᠴᠢᠩᠭ᠎ᠠ ᠵᠢᠷᠤᠮᠯᠠᠨ ᠬᠢᠨᠠᠨ ᠬᠠᠷᠭᠤᠭᠤᠯᠵᠤ ᠲᠠᠩᠰᠠᠯᠠᠨ ᠲᠡᠮᠳᠡᠭᠯᠡᠵᠦ᠂ ᠨᠡᠶᠢᠲᠡᠯᠡᠬᠦ ᠶᠣᠰᠣᠲᠠᠶ ᠶᠢ ᠨᠢ ᠪᠥᠬᠦᠳᠡ ᠶᠢ ᠨᠡᠶᠢᠲᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠪᠡ᠃
     ᠰᠡᠴᠡᠨᠪᠢᠯᠢᠭ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠰᠠᠶᠢᠲᠤᠷ ᠡᠵᠡᠮᠳᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠯ᠎ᠡ ᠵᠦᠢᠯ ᠤᠨ ᠲᠡᠰ ᠳᠠᠷᠠᠭᠠᠯᠠᠯ ᠢ ᠲᠥᠪ ᠴᠢᠩᠭ᠎ᠠ ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠠᠭᠠᠴᠢ ᠶᠢᠨ ᠱᠠᠲᠤᠨ ᠤ ᠠᠵᠢᠯ ᠢᠶᠠᠨ ᠤᠷᠢᠳᠴᠢᠯᠠᠨ ᠲᠥᠯᠥᠪᠯᠡᠵᠦ᠂ ᠡᠯ᠎ᠡ ᠪᠠᠯᠭᠠᠰᠤ᠂ ᠳᠣᠲᠣᠭᠠᠳᠤ ᠶᠢ ᠬᠠᠮᠠᠭᠠᠯᠠᠬᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠰᠠᠶᠢᠲᠤᠷ ᠬᠢᠵᠦ᠂ ᠰᠣᠩᠭᠤᠭᠤᠯᠢ ᠶᠢᠨ ᠶᠠᠪᠤᠴᠠ ᠶᠢ ᠤᠯᠠᠮ ᠴᠢᠨᠠᠭᠰᠢᠳᠠ ᠨᠠᠷᠢᠯᠢᠬᠵᠢᠭᠤᠯᠬᠤ ᠪᠠ ᠵᠢᠷᠤᠮᠵᠢᠭᠤᠯᠵᠤ᠂ ᠤᠷᠢᠶ᠎ᠠ ᠯᠣᠽᠦ᠋ᠩ᠂ ᠤᠬᠠᠭᠤᠯᠭ᠎ᠠ ᠶᠢᠨ ᠵᠢᠷᠤᠭᠲᠤ ᠳᠡᠪᠲᠡᠷ᠂ ᠷᠠᠳᠢᠣ᠋ ᠲᠧᠯᠸᠢᠰ ᠵᠢᠴᠢ ᠢᠨᠲ᠋ᠧᠷ ᠰᠦᠯᠵᠢᠶᠡᠨ ᠤ ᠰᠢᠨ᠎ᠡ ᠵᠠᠭᠤᠴᠢᠯᠠᠭᠤᠷ ᠢ ᠠᠰᠢᠭᠯᠠᠨ ᠤᠬᠠᠭᠤᠯᠭ᠎ᠠ ᠬᠢᠵᠦ᠂ ᠥᠷᠭᠡᠨ ᠤᠯᠠᠨ ᠰᠣᠩᠭᠤᠭᠤᠯᠢ ᠶᠢᠨ ᠠᠷᠠᠳ ᠢ ᠥᠷᠭᠡᠨ ᠢᠶᠠᠷ ᠳᠠᠶᠢᠴᠢᠯᠠᠨ ᠪᠦᠷᠢᠳᠭᠡᠨ᠂ ᠰᠣᠩᠭᠤᠭᠤᠯᠢ ᠳᠤ ᠢᠳᠡᠪᠬᠢᠲᠡᠢ ᠣᠷᠣᠯᠴᠠᠭᠤᠯᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠵᠤ᠂ ᠰᠣᠩᠭᠤᠭᠤᠯᠢ ᠶᠢᠨ ᠠᠷᠠᠳ ᠤᠨ ᠰᠣᠩᠭᠤᠭᠤᠯᠢ ᠶᠢᠨ ᠡᠷᠬᠡ ᠶᠢ ᠭᠦᠢᠴᠡᠳ ᠡᠳ᠋ᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠳᠤ ᠣᠷᠣᠯᠴᠠᠭᠰᠠᠳ᠂ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠤᠯᠠᠮ ᠨᠢᠭᠡ ᠠᠯᠬᠤᠮ ᠬᠠᠤᠯᠢ ᠶᠣᠰᠣᠭᠠᠷ ᠰᠠᠶᠢᠲᠤᠷ ᠬᠢᠵᠦ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠤᠳᠤᠯᠭ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠲᠤᠤᠱᠯᠠᠭᠤᠯᠵᠤ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠰᠣᠩᠭᠤᠭᠤᠯᠢ ᠶᠢᠨ ᠠᠷᠠᠳ ᠲᠤ ᠨᠡᠩ ᠰᠠᠶᠢᠨ ᠦᠢᠯᠡᠴᠢᠯᠡᠵᠦ᠂ ᠰᠣᠩᠭᠤᠭᠤᠯᠢ ᠶᠢᠨ ᠠᠷᠠᠳ ᠤᠨ ᠣᠷᠣᠯᠴᠠᠬᠤ ᠤᠬᠠᠮᠰᠠᠷ ᠢ ᠦᠷᠭᠦᠯᠵᠢᠯᠡᠨ ᠴᠢᠩᠭᠠᠳᠬᠠᠵᠤ᠂ ᠡᠨᠡ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1