ᠲᠤᠭᠳᠠᠬᠤ ᠰᠢᠶᠠᠨ ︽ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠶ᠎ᠡ︾ ᠭᠡᠬᠦ ᠭᠤᠣᠯ ᠰᠡᠳᠦᠪᠲᠦ ᠬᠤᠭ ᠨᠣᠪᠰᠢ ᠶᠢ ᠲᠦᠷᠦᠯ ᠬᠤᠪᠢᠶᠠᠬᠤ ᠲᠠᠶᠢᠯᠤᠮᠵᠢ ᠶᠢᠨ ᠠᠵᠢᠭᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2021/10/15
      ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠲᠠᠪᠤᠳᠤᠭᠠᠷ ᠬᠤᠷᠠᠯ ᠳᠡᠭᠡᠷᠡᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠮᠢᠳᠤᠷᠠᠯ ᠤᠨ ᠬᠤᠭ ᠨᠣᠪᠰᠢ ᠶᠢᠨ ︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ︾ ᠲᠦᠪᠰᠢᠨ ᠢ ᠳᠡᠭᠡᠭᠰᠢᠯᠡᠭᠦᠯᠬᠦ ᠲᠤᠬᠠᠢ ᠶᠡᠷᠦᠩᠬᠡᠢ ᠱᠠᠭᠠᠷᠳᠠᠯᠭ᠎ᠠ᠂ ᠮᠠᠨ ᠤ ᠰᠢᠶᠠᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ 10 ᠳ᠋ᠤᠭᠠᠷ ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠭᠤᠣᠯᠯᠠᠨ ᠡᠷᠬᠢᠯᠡᠭᠰᠡᠨ ︽ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠶ᠎ᠡ︾ ᠭᠤᠣᠯ ᠰᠡᠳᠦᠪᠲᠦ ᠬᠤᠭ ᠨᠣᠪᠰᠢ ᠶᠢ ᠲᠦᠷᠦᠯ ᠬᠤᠪᠢᠶᠠᠬᠤ ᠲᠠᠶᠢᠯᠤᠮᠵᠢ ᠶᠢ ᠰᠢᠶᠠᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠭᠤᠯᠵᠠᠢ᠃ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠬᠤᠳᠠ ᠶᠢᠨ ᠬᠠᠮᠢᠶᠠᠷᠤᠯᠲᠠ ᠶᠢᠨ ᠶᠡᠭᠡ ᠠᠩᠬᠢ᠂ ᠨᠡᠶᠢᠭᠡᠮ ᠲᠣᠭᠤᠷᠢᠭ ᠤᠨ ᠠᠵᠢᠯᠳᠠᠨ ᠵᠢᠴᠢ ᠬᠡᠰᠡᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠠᠵᠢᠯᠯᠠᠭ᠎ᠠ ᠳᠤ ᠣᠷᠣᠯᠴᠠᠪᠠ᠃
     ᠲᠤᠰ ᠠᠵᠢᠯᠯᠠᠭ᠎ᠠ ᠳᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠴᠧᠨ ᠰᠢᠶᠤᠤ ᠮᠧᠩ ᠨᠥᠬᠦᠷ ᠢ ᠬᠤᠭ ᠨᠣᠪᠰᠢ ᠶᠢ ᠠᠩᠭᠢᠯᠠᠬᠤ᠂ ᠶᠠᠭᠤᠨ ᠤ ᠤᠴᠢᠷ ᠠᠴᠠ ᠬᠤᠭ ᠨᠣᠪᠰᠢ ᠶᠢ ᠠᠩᠭᠢᠯᠠᠬᠤ ᠵᠢᠴᠢ ᠬᠤᠭ ᠨᠣᠪᠰᠢ ᠶᠢ ᠬᠡᠷᠬᠢᠨ ᠠᠩᠭᠢᠯᠠᠬᠤ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠣᠯᠠᠨ ᠳᠤ ᠨᠠᠷᠢᠨ ᠬᠢᠨᠠᠮᠠᠭᠠᠶ ᠲᠠᠶᠢᠯᠪᠤᠷᠢᠯᠠᠯᠲᠠ ᠬᠢᠯᠭᠡᠬᠦ ᠪᠠᠷ ᠤᠷᠢᠵᠠᠶ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠣᠭᠲᠠᠬᠤ ᠰᠢᠶᠠᠨ ᠤ ᠬᠤᠷᠢᠶᠠᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠡᠳᠦᠷ ᠲᠤᠲᠤᠮ ᠤᠨ ᠠᠮᠢᠳᠤᠷᠠᠯ ᠪᠠ ᠠᠯᠪᠠᠨ ᠠᠵᠢᠯ ᠤᠨ ᠶᠠᠪᠤᠴᠠ ᠳᠤ ᠬᠤᠷᠢᠶᠠᠨ ᠠᠪᠴᠤ ᠪᠣᠯᠬᠤ ᠬᠤᠭ ᠨᠣᠪᠰᠢ᠂ ᠬᠤᠣᠷᠲᠠᠢ ᠬᠤᠭ ᠨᠣᠪᠰᠢ᠂ ᠪᠤᠰᠤᠳ ᠬᠤᠭ ᠨᠣᠪᠰᠢ᠂ ᠲᠣᠭᠤᠭᠠᠨ ᠭᠡᠷ ᠤᠨ ᠬᠤᠭ ᠨᠣᠪᠰᠢ ᠶᠢ ᠬᠡᠷᠬᠢᠨ ᠲᠥᠷᠥᠯ ᠬᠤᠪᠢᠶᠠᠨ ᠰᠢᠢᠳᠪᠦᠷᠢᠯᠡᠬᠦ ᠵᠡᠷᠭᠡ ᠲᠠᠢ ᠤᠶᠠᠯᠳᠤᠭᠤᠯᠤᠨ ᠲᠤᠬᠠᠶ ᠶᠢᠨ ᠭᠠᠵᠠᠷ ᠲᠤᠨᠢ ᠪᠡᠶᠡᠴᠢᠯᠡᠨ ᠣᠶᠢᠯᠠᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢᠨ ᠵᠠᠶᠢᠯᠠᠰᠢ ᠦᠭᠡᠢ ᠴᠢᠨᠠᠷ᠂ ᠴᠢᠬᠤᠯᠠ ᠴᠢᠨᠠᠷ ᠵᠢᠴᠢ ᠠᠵᠢᠯᠯᠠᠬᠤ ᠠᠷᠭ᠎ᠠ ᠶᠢᠨ ᠲᠠᠯ᠎ᠠ ᠪᠠᠷ ᠪᠦᠬᠦ ᠲᠠᠯ᠎ᠠ ᠶᠢᠨ ᠲᠠᠨᠢᠯᠲᠠ ᠲᠠᠢ ᠪᠣᠯᠭᠠᠭᠰᠠᠨ ᠪᠠᠶᠢᠨ᠎ᠠ᠃
     ᠲᠠᠶᠢᠯᠤᠮᠵᠢ ᠶᠢᠨ ᠵᠣᠷᠢᠯᠭ᠎ᠠ ᠨᠢ ᠪᠦᠬᠦ ᠰᠢᠶᠠᠨ ᠤ ᠥᠷᠭᠡᠨ ᠣᠯᠠᠨ ᠪᠠᠶᠢᠭᠤᠯᠤᠯᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠪᠣᠯᠤᠨ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠢ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠬᠠᠮᠢᠶ᠎ᠠ ᠪᠦᠬᠦᠢ ᠲᠤᠷᠰᠢᠯᠭ᠎ᠠ ᠠᠷᠭ᠎ᠠ ᠬᠢᠳᠡᠯ ᠢ ᠭᠦᠨᠵᠡᠭᠡᠶ ᠰᠤᠷᠤᠯᠴᠠᠵᠤ᠂ ᠠᠵᠢᠯᠲᠠᠨ ᠠᠵᠢᠯᠴᠢᠨ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠪᠣᠯᠤᠨ ᠳᠠᠳᠬᠠᠯ ᠢ ᠬᠦᠴᠦᠯᠡᠨ ᠬᠥᠮᠦᠵᠢᠭᠦᠯᠵᠦ᠂ ᠠᠵᠢᠯᠲᠠᠨ ᠠᠵᠢᠯᠴᠢᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠬᠤᠭ ᠨᠣᠪᠰᠢ ᠶᠢ ᠡᠬᠢ ᠡᠭᠦᠰᠦᠯ ᠠᠴᠠ ᠨᠢ ᠪᠠᠭᠠᠰᠬᠠᠬᠤ ᠪᠠ ᠵᠥᠪ ᠢᠶᠠᠷ ᠲᠥᠷᠥᠯ ᠬᠤᠪᠢᠶᠠᠵᠤ᠂ ᠨᠠᠮ ᠤᠨ ᠭᠡᠰᠢᠭᠦᠨ ᠤ ᠬᠥᠲᠥᠯᠥᠨ ᠳᠠᠭᠠᠭᠤᠯᠬᠤ᠂ ᠤᠬᠠᠭᠤᠯᠬᠤ᠂ ᠵᠢᠯᠣᠭᠤᠳᠬᠤ ᠪᠠ ᠬᠢᠨᠠᠨ ᠬᠠᠮᠢᠶᠠᠷᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ︽ᠵᠢᠱᠢᠶ᠎ᠡ ᠦᠵᠡᠭᠦᠯᠦᠭᠴᠢ᠂ ᠤᠬᠠᠭᠤᠯᠤᠭᠴᠢ᠂ ᠲᠠᠶᠢᠯᠪᠤᠷᠢᠯᠠᠭᠴᠢ᠂ ᠬᠢᠨᠠᠨ ᠵᠢᠯᠣᠭᠤᠳᠣᠭᠴᠢ᠂ ᠮᠡᠳᠡᠭᠡ ᠵᠠᠩᠭᠢ ᠴᠤᠭᠯᠠᠭᠤᠯᠤᠭᠴᠢ︾ ᠶᠢᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠳᠤ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠷᠭᠡᠳᠡ ᠠᠴᠠ ᠪᠠᠨ ᠡᠬᠢᠯᠡᠨ ᠬᠢᠵᠦ᠂ ᠨᠠᠮ ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠢ ᠥᠷᠭᠡᠨ ᠢᠶᠠᠷ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠦᠬᠦ ᠰᠢᠶᠠᠨ ᠤ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1