ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠠᠬᠠᠭᠤᠯᠤᠨ ᠲᠠᠶᠢᠯᠪᠦᠷᠢᠯᠠᠵᠦ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢᠨ ᠪᠦᠯᠬᠦᠮ ᠮᠠᠨ ᠤ ᠰᠢᠶᠠᠨ ᠤ ᠭᠦ᠋ ᠴᠧᠩ ᠪᠠᠯᠭᠠᠰᠤ ᠶᠢᠨ ᠰᠢᠷᠡᠭᠡᠳᠦ ᠲᠣᠰᠬᠤᠨ ᠳᠤ ᠬᠦᠷᠴᠡᠢ
ᠨᠡᠶᠢᠲᠡᠯᠡᠭᠰᠡᠨ ᠴᠠᠭ᠄
2021/10/15
      10 ᠳ᠋ᠤᠭᠠᠷ ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠰᠠᠨᠠᠭ᠎ᠠ ᠶᠢ ᠤᠠᠬᠠᠭᠤᠯᠤᠨ ᠲᠠᠶᠢᠯᠪᠦᠷᠢᠯᠠᠵᠦ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢᠨ ᠪᠦᠯᠬᠦᠮ ᠤᠨ ᠬᠢᠨ ᠮᠠᠨ ᠤ ᠰᠢᠶᠠᠨ ᠤ ᠭᠦ᠋ ᠴᠧᠩ ᠪᠠᠯᠭᠠᠰᠤ ᠶᠢᠨ ᠰᠢᠷᠡᠭᠡᠳᠦ ᠲᠣᠰᠬᠤᠨ ᠳᠤ ᠬᠦᠷᠪᠡ᠃ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ᠂ ᠳᠡᠳ᠋ ᠫᠷᠤᠹᠧᠰᠰᠤᠷ ᠶᠦᠨ ᡁᠢ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠪᠠ᠃
     ᠤᠬᠠᠭᠤᠯᠤᠨ ᠲᠠᠶᠢᠯᠪᠤᠷᠢᠯᠠᠬᠤ ᠳᠤᠮᠳᠠ᠂ ᠶᠦᠨ ᡁᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ︽ᠣᠷᠣᠨ ᠤ ᠲᠥᠪ ᠬᠤᠳᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠦ᠂ ︿ᠦᠵᠡᠰᠬᠦᠯᠡᠩᠲᠦ ᠰᠠᠶᠢᠬᠠᠨ ᠬᠥᠬᠡᠬᠤᠲᠠ ᠦᠨᠢᠷ ᠪᠠᠶᠠᠯᠢᠭ ᠲᠠᠯ᠎ᠠ ᠶᠢᠨ ᠬᠤᠳᠠ﹀ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ﹀ ᠢ ᠪᠦᠳᠦᠭᠡᠨ ᠪᠠᠶᠢᠭᠤᠯᠬᠤ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ ᠬᠥᠬᠡᠬᠤᠲᠠ ᠶᠢᠨ ᠥᠩᠭᠡᠷᠡᠭᠰᠡᠨ ᠲᠠᠪᠤᠨ ᠵᠢᠯ ᠳᠤ ᠣᠯᠤᠭᠰᠠᠨ ᠴᠢᠬᠤᠯᠠ ᠶᠡᠭᠡ ᠠᠮᠵᠢᠯᠲᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ᠂ ᠠᠮᠢᠳᠤᠯᠢᠭ ᠪᠣᠳᠠᠲᠠᠢ ᠪᠠᠷ ᠲᠠᠶᠢᠯᠪᠤᠷᠢᠯᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠱᠠᠭᠠᠷᠳᠠᠯᠭ᠎ᠠ ᠪᠠ ᠬᠠᠷᠠᠯᠲᠠ ᠡᠭᠦᠷᠭᠡ ᠶᠢ ᠭᠦᠨᠵᠡᠭᠡᠢ ᠲᠠᠶᠢᠯᠪᠤᠷᠢᠯᠠᠵᠠᠢ᠃
     ᠣᠯᠠᠨ ᠢᠶᠠᠷ ᠢᠶᠠᠨ᠄ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠳᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠦᠪ ᠬᠤᠳᠠ ᠶᠢ ᠪᠦᠬᠦ ᠲᠠᠯ᠎ᠠ ᠪᠠᠷ ᠪᠦᠳᠦᠬᠡᠨ ᠪᠠᠶᠢᠭᠤᠯᠵᠦ᠂ ︿ᠦᠵᠡᠰᠬᠦᠯᠡᠩᠲᠦ ᠰᠠᠶᠢᠬᠠᠨ ᠬᠥᠬᠡᠬᠤᠲᠠ ᠦᠨᠢᠷ ᠪᠠᠶᠠᠯᠢᠭ ᠲᠠᠯ᠎ᠠ ᠶᠢᠨ ᠬᠤᠳᠠ﹀ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ﹀ ᠢ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ  ᠭᠡᠵᠦ ᠢᠯᠡᠳᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1