ᠲᠣᠭᠲᠠᠬᠤ ᠰᠢᠶᠠᠨ᠄ ︽ᠭᠤᠷᠪᠠᠨ ᠠᠷᠭ᠎ᠠ ᠬᠡᠮᠵᠢᠶ᠎ᠡ︾ ᠪᠠᠷ ᠰᠢᠨ᠎ᠡ ᠪᠠᠭ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2021/10/18
      ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠭᠰᠠᠨ ᠤ ᠲᠠᠷᠠᠭ᠎ᠠ᠂ ᠲᠣᠭᠲᠠᠬᠤ ᠰᠢᠶᠠᠨ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠭᠰᠠᠨ᠂ ᠦᠨᠡᠨᠴᠢ ᠰᠢᠳᠤᠷᠭᠤ  ᠠᠷᠢᠭᠤᠨ ᠴᠢᠬᠡᠴᠢ ᠬᠠᠷᠢᠭᠤᠴᠠᠯᠭ᠎ᠠ ᠲᠠᠢ ᠤᠳᠤᠷᠢᠳᠬᠤ ᠪᠠᠭ ᠢ ᠶᠡᠬᠡᠪᠡᠷ ᠳᠡᠪᠰᠢᠭᠦᠯᠦᠨ ᠬᠦᠨᠳᠦ ᠪᠠᠷ ᠬᠡᠷᠡᠭᠯᠡᠵᠦ᠂ ᠤᠳᠤᠷᠢᠳᠬᠤ ᠪᠠᠭ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠬᠤ ᠰᠢᠶᠠᠨ ᠤ ᠺᠠᠳ᠋ᠷ ᠤᠨ ᠤᠯᠤᠰ ᠲᠦᠷᠦ ᠶᠢᠨ ᠲᠦᠪᠯᠡᠷᠡᠩᠭᠦᠢ ᠬᠦᠴᠦᠨ ᠢ ᠨᠢᠭᠲᠠᠷᠠᠭᠤᠯᠬᠤ ᠶᠢᠨ ︽ ᠭᠠᠷᠳᠠᠴᠠ︾ ᠪᠣᠯᠤᠭᠰᠠᠨ ᠪᠠᠶᠢᠨ᠎ᠠ᠃      ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠠᠮᠲᠤᠯᠢᠭ ᠢ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠠᠷᠭ᠎ᠠ ᠵᠠᠮ ᠢ ᠪᠣᠳᠠᠲᠠᠶᠢᠵᠢᠭᠤᠯᠤᠨ᠎ᠠ᠃ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠡᠷᠬᠡᠪᠰᠢ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠳᠠᠨ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ᠂ ᠰᠢᠨ᠎ᠡ ᠪᠠᠷ ᠤᠷᠤᠭᠰᠠᠨ ᠤᠳᠤᠷᠢᠳᠬᠤ ᠪᠠᠭ ᠤᠨ ᠪᠦᠷᠢᠯᠳᠦᠬᠦᠨ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠳᠬᠤᠬᠤ ᠬᠡᠷᠡᠭᠲᠡᠶ᠃ ᠬᠤᠭᠤᠴᠠᠭ᠎ᠠ ᠰᠣᠯᠢᠭᠰᠠᠨ ᠤ ᠳᠠᠷᠠᠭᠠᠬᠢ ᠤᠳᠤᠷᠢᠳᠬᠤ ᠺᠠᠳ᠋ᠷᠴᠤᠳ ᠤᠨ ᠪᠣᠯᠪᠠᠰᠤᠷᠠᠭᠤᠯᠤᠯ ᠢ ᠶᠡᠭᠡ ᠪᠠᠷ ᠥᠷᠨᠢᠭᠦᠯᠵᠦ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ᠂ ᠢᠯᠠᠩᠭᠤᠶ᠎ᠠ ᠰᠢᠨ᠎ᠡ ᠪᠠᠷ ᠤᠷᠤᠭᠰᠠᠨ ᠤᠳᠤᠷᠢᠳᠬᠤ ᠪᠠᠭ ᠤᠨ ᠪᠦᠷᠢᠯᠳᠦᠬᠦᠨ ᠤ ᠰᠢᠨ᠎ᠡ ᠠᠵᠢᠯ ᠤᠨ ᠪᠠᠶᠢᠷᠢ ᠳᠤ ᠵᠣᠬᠢᠴᠠᠬᠤ ᠴᠢᠳᠠᠪᠤᠷᠢ ᠶᠢ ᠦᠨᠡᠨ ᠬᠦ ᠴᠢᠩᠭᠠᠳᠬᠠᠪᠠ᠃ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠵᠤ᠂ ᠵᠣᠷᠢᠭᠲᠠᠢ ᠪᠠᠷ ᠪᠤᠷᠤᠭᠤ ᠶᠢ ᠠᠭᠤᠴᠢᠯᠠᠨ ᠠᠯᠳᠠᠭ᠎ᠠ ᠪᠤᠷᠤᠭᠤ ᠶᠢ ᠵᠠᠯᠠᠷᠠᠭᠤᠯᠵᠤ ᠂ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠤᠶᠤᠨ ᠴᠢᠳᠠᠯ ᠢᠶᠠᠷ ᠢᠶᠠᠨ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠬᠦ᠂ ᠦᠨᠡᠨ ᠬᠦ ᠠᠳᠬᠤᠵᠤ ᠪᠣᠳᠠᠲᠠᠢ ᠬᠢᠬᠦ ᠳᠡᠭᠡᠷ᠎ᠡ ᠬᠡᠷᠡᠭᠯᠡᠭᠦᠯᠪᠡ᠃      ︽ᠤᠯᠤᠰ ᠲᠦᠷᠦ ᠶᠢᠨ ᠪᠣᠯᠪᠠᠰᠤᠷᠠᠯ︾ ᠤᠨ ᠭᠤᠣᠯ ᠰᠡᠳᠦᠪ ᠢ ᠲᠤᠪᠤᠶᠢᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠠᠭᠤᠯᠤᠭᠳᠠᠬᠤᠨ ᠢ ᠭᠦᠨᠵᠡᠭᠡᠶᠢᠷᠡᠭᠦᠯᠪᠡ᠃ ᠰᠢᠶᠠᠨ ᠤ ᠨᠠᠮ ᠤᠨ ᠬᠤᠷᠢᠶ᠎ᠠ ᠲᠦᠷᠦᠭᠦᠴᠢ ᠭᠠᠯᠠᠭᠤ ᠶᠢᠨ ᠦᠢᠯᠡᠳᠦᠯ ᠢ ᠪᠠᠳᠠᠷᠠᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠦ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ 18 ᠤᠳᠠᠭ᠎ᠠ ᠲᠦᠷᠦᠭᠦᠯᠡᠨ ᠥᠷᠨᠢᠭᠦᠯᠪᠡ᠃ ᠭᠤᠣᠯ ᠴᠣᠭᠴᠠ ᠶᠢᠨ ᠪᠣᠯᠪᠠᠰᠤᠷᠠᠯ ᠤᠨ ᠠᠩᠬᠢ ᠶᠢ 7 ᠤᠳᠠᠭ᠎ᠠ ᠡᠷᠬᠢᠯᠡᠵᠦ᠂ ᠰᠢᠶᠠᠩ ᠪᠠᠯᠭᠠᠰᠤ ᠶᠢᠨ 2890 ᠭᠠᠷᠤᠢ ᠬᠥᠮᠦᠨ ᠤᠳᠠᠭ᠎ᠠ ᠶᠢᠨ ᠺᠠᠳ᠋ᠷ ᠢ ᠪᠣᠯᠪᠠᠰᠤᠷᠠᠭᠤᠯᠵᠤ᠂ ᠬᠤᠭᠤᠴᠠᠭ᠎ᠠ ᠰᠣᠯᠢᠭᠰᠠᠨ ᠤ ᠳᠠᠷᠠᠭᠠᠬᠢ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠪᠡ᠃      ︽ᠪᠡᠶᠡᠴᠢ ᠴᠣᠭᠴᠠ ᠶᠢᠨ ᠬᠠᠷᠢᠭᠤᠴᠠᠯᠭ᠎ᠠ︾ ᠶᠢᠨ ᠪᠣᠭᠤᠮᠲᠠ ᠶᠢ ᠴᠢᠩᠭ᠎ᠠ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠲᠦᠷᠢᠮ ᠢ ᠲᠡᠭᠦᠯᠳᠡᠷᠵᠢᠭᠦᠯᠪᠡ᠃ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠨᠠᠷᠢᠯᠢᠬᠵᠢᠭᠤᠯᠤᠨ᠂ ᠤᠳᠤᠷᠢᠳᠬᠤ ᠪᠠᠭ ᠤᠨ ᠪᠦᠷᠢᠯᠳᠦᠬᠦᠨ ᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠬᠢᠨᠠᠨ ᠰᠢᠯᠭᠠᠵᠤ ᠦᠨᠡᠯᠡᠬᠦ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠳᠤ ᠤᠷᠤᠭᠤᠯᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1