ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/2
      9 ᠳ᠋ᠤᠭᠡᠷ ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠥᠬᠦ ᠰᠢᠶᠠᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ  ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠡᠮᠬᠢ ᠵᠢᠷᠤᠮ ᠂ ᠨᠡᠶᠢᠭᠡᠮ ᠤᠨ ᠲᠣᠭᠲᠠᠭᠤᠨ ᠪᠠᠶᠢᠳᠠᠯ᠂ ᠤᠯᠤᠰ ᠲᠥᠷᠥ ᠶᠢᠨ ᠠᠮᠤᠷ ᠲᠦᠪᠰᠢᠨ ᠵᠡᠷᠭᠡ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
     ᠯᠢ ᠴᠦᠨ ᠶᠠᠨ ᠴᠢᠬᠤᠯᠠᠴᠢᠯᠠᠭᠰᠠᠨ ᠨᠢ᠂ ᠠᠶᠤᠯᠭᠦᠶ  ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠶ ᠪᠠᠷ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠠᠶᠤᠯᠭᠦᠶ  ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠶ  ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠷᠢᠯᠭ᠎ᠠ ᠪᠠᠷᠢᠬᠤ᠂ ᠵᠠᠮ ᠲᠡᠭᠡᠭᠡᠪᠦᠷᠢ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭ᠎ᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠪᠦᠬᠦᠨ ᠢ ᠬᠠᠮᠤᠷᠬᠤ᠂ ᠬᠡᠪᠢᠰ ᠮᠠᠶ᠋ᠢᠭ ᠤᠨ ᠶᠡᠭᠡ ᠪᠠᠶᠢᠴᠠᠭᠠᠯᠲᠠ᠂ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠬᠤ ᠪᠦᠷᠢᠨ ᠲᠡᠭᠦᠯᠳᠡᠷ ᠪᠡᠯᠡᠳᠬᠡᠯ ᠲᠥᠰᠦᠯ ᠢ ᠪᠠᠶᠢᠭᠤᠯᠵᠤ᠂ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠯᠢ ᠴᠦᠨ ᠶᠠᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠶᠢᠨ ᠲᠣᠰ ᠭᠠᠵᠠᠷ ᠤᠨ ᠡᠪᠡᠳᠴᠢᠨ ᠤ ᠵᠢᠱᠢᠶ᠎ᠡ ᠬᠡᠰᠡᠭ ᠪᠤᠰᠠᠭ ᠢᠶᠠᠷ ᠲᠠᠷᠬᠠᠵᠤ ᠪᠠᠶᠢᠬᠤ ᠪᠥᠭᠡᠳ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢ ᠪᠣᠶ ᠪᠣᠯᠭᠠᠵᠤ᠂ ᠤᠯᠤᠰ ᠤᠨ ᠭᠠᠳᠠᠭᠠᠳᠤ ᠶᠢᠨ ᠬᠢᠵᠢᠭ ᠤᠨ ᠪᠠᠶᠢᠳᠠᠯ ᠦᠷᠭᠦᠯᠵᠢᠯᠡᠨ ᠬᠡᠴᠡᠭᠦᠳᠡᠨ ᠳᠡᠯᠭᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠶᠢᠨ᠎ᠠ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠡᠷᠬᠡᠪᠰᠢ ᠴᠠᠭ ᠢᠮᠠᠭᠲᠠ ᠴᠢᠩᠭ᠎ᠠ ᠠᠳᠬᠤᠬᠤ ᠬᠡᠷᠡᠭᠲᠡᠶ᠂ ᠡᠭᠦᠨ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠠᠭᠠᠬᠢᠭᠰᠠᠨ ᠴᠤ ᠬᠥᠩᠭᠡᠪᠴᠢᠯᠡᠵᠦ ᠪᠣᠯᠬᠤ ᠥᠬᠡᠶ᠃ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠪᠠ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠯᠢ ᠴᠦᠨ ᠶᠠᠨ ᠱᠠᠭᠠᠷᠳᠠᠭᠰᠠᠨ ᠨᠢ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠣᠭᠲᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠨᠥᠭᠡᠴᠡ ᠶᠢ ᠰᠠᠶᠢᠲᠤᠷ ᠬᠢᠵᠦ᠂ ᠬᠢᠨᠠᠯᠲᠠ ᠲᠠᠯᠪᠢᠵᠤ ᠪᠠᠶᠢᠴᠠᠭᠠᠬᠤ᠂ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ 10 ᠳ᠋ᠤᠭᠠᠷ ᠰᠠᠷ᠎ᠠ ᠶᠢᠨ 15 ᠤ ᠡᠳᠦᠷ ᠤᠨ ᠳᠤᠯᠠᠭᠠᠯᠠᠭ᠎ᠠ ᠬᠠᠩᠭᠠᠬᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠳᠠᠷᠤᠯᠲᠠ ᠥᠭᠴᠦ ᠤᠰᠤ ᠲᠤᠷᠰᠢᠬᠤ᠂ ᠲᠤᠨᠤᠭ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠬᠤ᠂ ᠳᠠᠮᠵᠢᠭᠤᠯᠬᠤ ᠬᠤᠭᠤᠯᠠᠢ ᠶᠢ ᠬᠠᠮᠠᠭᠠᠯᠠᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠣᠨᠴᠠᠭᠠᠶᠢᠯᠠᠨ ᠤᠷᠢᠳᠴᠢᠯᠠᠨ ᠳᠤᠯᠠᠭᠠᠯᠠᠭ᠎ᠠ ᠬᠠᠩᠭᠠᠬᠤ ᠪᠡᠯᠡᠳᠬᠡᠯ ᠢ ᠰᠠᠶᠢᠲᠤᠷ ᠬᠢᠵᠦ᠂ ᠬᠡᠷᠪᠡ ᠣᠨᠴᠠᠭᠠᠢ ᠴᠠᠭ ᠠᠭᠤᠷ ᠲᠣᠬᠢᠶᠠᠯᠳᠤᠪᠠᠯ ᠤᠷᠢᠳᠴᠢᠯᠠᠨ ᠳᠤᠯᠠᠭᠠᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠯᠢ ᠴᠦᠨ ᠶᠠᠨ ᠪᠠᠰᠠ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠥᠯᠥᠪᠵᠢᠭᠦᠯᠭᠡ᠂ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠡᠷᠭᠡ ᠰᠢᠶᠠᠨ ᠭᠠᠵᠠᠷ ᠤᠨ ᠲᠡᠰ ᠤᠨ ᠬᠢᠨ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1