ᠪᠤᠭᠤ—ᠬᠤᠵᠢᠷᠳᠦ ᠭᠤᠤ ᠲᠣᠰᠬᠤᠨ ᠤ ᠣᠷᠣᠯᠭ᠎ᠠ ᠶᠢ ᠨᠡᠮᠡᠭᠳᠡᠭᠦᠯᠦᠭᠰᠡᠨ ︽ᠭᠠᠪᠢᠶᠠᠳᠠᠨ︾
ᠨᠡᠶᠢᠲᠡᠯᠡᠭᠰᠡᠨ ᠴᠠᠭ᠄
2021/10/21
     ᠮᠢᠨᠦᠬᠢ ᠶᠢ ᠢᠳᠡ      
     ᠤᠯᠠᠨ ᠢᠶᠠᠷ ᠢᠶᠠᠨ ᠰᠠᠶᠢᠲᠤᠷ ᠪᠡᠯᠡᠳᠬᠡᠭᠡᠷᠡᠶ      
     ᠨᠢᠭᠡ ᠭᠡᠷ ᠤᠨ ᠭᠤᠷᠪᠠᠭᠤᠯᠠ      ᠰᠢᠨ᠎ᠡ ᠶᠢᠩᠽᠢ ᠪᠠᠯᠭᠠᠰᠤ ᠶᠢᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠳᠠᠭᠠᠭᠤᠯᠭ᠎ᠠ ᠪᠠᠷ᠂ ᠲᠣᠭᠤᠷᠢᠨ ᠦᠵᠡᠬᠦ ᠪᠠᠷ ᠢᠷᠡᠭᠰᠡᠨ ᠬᠡᠦᠬᠡᠳ ᠤᠳ ᠪᠠᠶᠠᠷᠯᠠᠭᠰᠠᠨ ᠰᠡᠳᠬᠢᠯᠭᠡ ᠪᠠᠨ ᠳᠠᠷᠤᠵᠤ ᠶᠠᠳᠠᠨ ᠲᠡᠷᠢ ᠲᠡᠭᠰᠢ ᠮᠥᠷᠯᠡᠨ ᠲᠣᠭᠲᠠᠬᠤ ᠰᠢᠶᠠᠨ ᠤ ᠯᠦ ᠲᠦ᠋ ᠱᠤᠤ ᠪᠤᠭᠤ ᠲᠡᠵᠢᠭᠡᠨ ᠦᠷᠡᠵᠢᠭᠦᠯᠬᠦ ᠰᠠᠭᠤᠷᠢᠨ ᠳᠤ ᠬᠦᠷᠴᠡᠢ᠃       ᠱᠤᠤ ᠪᠤᠭᠤ ᠡᠳᠡᠭᠡᠷ ᠪᠢᠴᠢᠬᠠᠨ ᠵᠣᠴᠢᠳ ᠢ ᠰᠣᠨᠢᠷᠬᠠᠨ ᠬᠠᠷᠠᠵᠤ᠂ ᠨᠢᠭᠡ ᠲᠠᠯ᠎ᠠ ᠪᠠᠷ ᠬᠠᠮᠠᠷ ᠢᠶᠠᠷ ᠢᠶᠠᠨ ᠬᠡᠦᠬᠡᠳ ᠤᠨ ᠭᠠᠷ ᠢ ᠦᠨᠦᠷᠲᠦᠵᠦ᠂ ᠨᠦᠭᠦᠭᠡ ᠲᠠᠯ᠎ᠠ ᠪᠠᠷ ︽ᠬᠤᠷᠬᠢᠷᠠᠬᠤ︾ ᠳᠠᠭᠤᠨ ᠭᠠᠷᠬᠤ ᠳᠤ᠂ ᠬᠡᠦᠬᠡᠳ ᠤᠳ ᠬᠠᠳᠠᠭᠠᠨᠠᠲᠠᠯ᠎ᠠ ᠢᠨᠢᠶᠡᠯᠳᠦᠪᠡ᠃      2018 ᠣᠨ ᠳᠤ᠂ ᠲᠣᠭᠲᠠᠬᠤ ᠰᠢᠶᠠᠨ ᠤ ᠬᠤᠵᠢᠷᠳᠦ ᠭᠤᠤ ᠲᠣᠰᠬᠤᠨ ᠤ ᠬᠢᠨ ᠱᠤᠤ ᠪᠤᠭᠤ ᠲᠡᠵᠢᠭᠡᠨ ᠦᠷᠡᠵᠢᠭᠦᠯᠬᠦ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠲᠦᠷᠦᠯ ᠵᠦᠢᠯ ᠨᠢ 40 ᠮᠦ ᠲᠠᠯᠠᠪᠠᠢ ᠶᠢ ᠡᠵᠡᠯᠡᠵᠦ᠂ ᠤᠳᠤ 188 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠷᠢᠮᠵᠢᠶᠠᠵᠢᠭᠰᠠᠨ ᠱᠤᠤ ᠪᠤᠭᠤ ᠲᠡᠵᠢᠭᠡᠨ ᠦᠷᠡᠵᠢᠭᠦᠯᠬᠦ ᠬᠠᠰᠢᠶ᠎ᠠ ᠶᠢᠨ ᠭᠤᠷᠪᠠᠨ ᠰᠠᠭᠤᠷᠢ 12 ᠲᠠᠰᠤᠯᠭ᠎ᠠ ᠨᠡᠶᠢᠲᠡ 2000 ᠭᠠᠷᠤᠢ ᠲᠡᠭᠰᠢ ᠳᠥᠷᠪᠡᠯᠵᠢᠨ ᠮᠧᠲᠷ ᠢ ᠪᠠᠶᠢᠭᠤᠯᠵᠤ᠂ 120 ᠱᠤᠤ ᠪᠤᠭᠤ ᠲᠡᠵᠢᠭᠡᠨ ᠦᠷᠡᠵᠢᠭᠦᠯᠵᠦ ᠪᠣᠯᠤᠨ᠎ᠠ᠃ ᠡᠭᠦᠨ ᠤ ᠬᠠᠮᠲᠤ ᠡᠪᠡᠰᠦ ᠬᠠᠳᠠᠭᠠᠯᠠᠬᠤ ᠰᠠᠷᠠᠪᠴᠢ᠂ ᠭᠦᠢᠳᠡᠨ ᠬᠥᠮᠥᠷᠭᠡ ᠶᠢᠨ ᠲᠠᠰᠤᠭ᠂ ᠲᠡᠵᠢᠭᠡᠯ ᠪᠣᠷᠳᠣᠭᠠᠨ ᠤ ᠰᠠᠷᠠᠪᠴᠢ ᠵᠡᠷᠭᠡ ᠲᠦᠭᠦᠷᠦᠮᠵᠢ ᠶᠢ ᠢᠵᠢ ᠪᠥᠷᠢᠳᠦᠭᠦᠯᠦᠨ ᠪᠠᠶᠢᠭᠤᠯᠵᠤ᠂ ᠣᠳᠣᠬᠠᠨ ᠳᠤ ᠨᠢᠭᠡᠨᠲᠡ ᠠᠰᠢᠭᠯᠠᠯᠲᠠ ᠳᠤ ᠣᠷᠣᠭᠤᠯᠪᠠ᠃      ᠲᠣᠰ ᠰᠠᠭᠤᠷᠢᠨ ᠭᠠᠵᠠᠷ ᠤᠨ ᠲᠡᠵᠢᠭᠡᠵᠦ ᠪᠠᠶᠢᠭ᠎ᠠ ᠰᠠᠭᠤᠷᠢ ᠪᠣᠯᠬᠤ ᠱᠤᠤ ᠪᠤᠭᠤ 50 ᠪᠠᠶᠢᠵᠤ᠂ ᠵᠠᠬ᠎ᠠ ᠳᠡᠯᠭᠡᠭᠦᠷ ᠤᠨ ᠪᠠᠶᠢᠳᠠᠯ ᠠᠴᠠ ᠦᠵᠡᠪᠡᠯ᠂ 3 ᠰᠠᠷ᠎ᠠ ᠶᠢᠨ ᠬᠤᠭᠤᠴᠠᠭᠠᠨ ᠳᠤ 4 ᠮᠢᠩᠭᠠᠨ ᠲᠥᠭᠦᠷᠢᠭ ᠠᠴᠠ 5 ᠮᠢᠩᠭᠠᠨ ᠲᠥᠭᠦᠷᠢᠭ ᠤᠨ ᠦᠨ᠎ᠡ ᠲᠠᠢ᠂ ᠪᠤᠭᠤ 5 ᠮᠢᠩᠭᠠᠨ ᠲᠥᠭᠦᠷᠢᠭ ᠠᠴᠠ 7 ᠮᠢᠩᠭᠠᠨ ᠲᠥᠭᠦᠷᠢᠭ ᠤᠨ ᠦᠨ᠎ᠡ ᠲᠠᠢ ᠪᠠᠶᠢᠵᠤ᠂ ᠲᠣᠰ ᠰᠠᠭᠤᠷᠢᠨ ᠭᠠᠵᠠᠷ ᠤᠨ ᠲᠡᠵᠢᠭᠡᠵᠦ ᠪᠠᠶᠢᠭ᠎ᠠ ᠰᠠᠭᠤᠷᠢ ᠪᠣᠯᠬᠤ ᠱᠤᠤ ᠪᠤᠭᠤ 50 ᠪᠠᠶᠢᠵᠤ᠂ ᠵᠢᠯ ᠤᠨ ᠤᠨᠠᠯᠲᠠ ᠶᠢᠨ ᠬᠡᠮᠵᠢᠶ᠎ᠡ ᠨᠢ 10 — 15 ᠪᠠᠶᠢᠵᠤ᠂ ᠪᠤᠭᠤ ᠶᠢᠨ ᠵᠤᠯᠵᠠᠭ᠎ᠠ ᠶᠢᠨ ᠵᠢᠯ ᠤᠨ ᠠᠰᠢᠭ ᠬᠤᠨᠵᠢᠪᠣᠷᠢ ᠨᠢ 8 ᠲᠦᠮᠡᠨ ᠲᠥᠭᠦᠷᠢᠭ ᠲᠤ ᠬᠦᠷᠬᠦ ᠪᠤᠯᠤᠨ᠎ᠠ᠃      ᠳᠠᠷᠠᠭᠠᠴᠢ ᠶᠢᠨ ᠠᠯᠬᠤᠮ ᠳᠤ ᠬᠤᠵᠢᠷᠲᠤ ᠭᠤᠤ ᠲᠣᠰᠬᠤᠨ ᠤ ᠬᠢᠨ ᠦᠷᠭᠦᠯᠵᠢᠯᠡᠨ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠪᠤᠭᠤ ᠶᠢᠨ ᠴᠢᠰᠤᠨ ᠡᠪᠡᠷ ᠤᠨ ᠬᠠᠪᠲᠠᠭᠠᠢ ᠦᠷᠢᠯ᠂ ᠪᠤᠭᠤ ᠶᠢᠨ ᠴᠢᠰᠤᠨ ᠡᠪᠡᠷ ᠤᠨ ᠠᠷᠢᠬᠢ᠂ ᠪᠤᠭᠤ ᠶᠢᠨ ᠴᠢᠰᠤ ᠵᠡᠷᠭᠡ ᠰᠢᠷᠢᠰ ᠪᠦᠲᠦᠭᠡᠭᠳᠡᠬᠦᠨ ᠢ ᠦᠢᠯᠡᠳᠪᠦᠷᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠴᠢᠨᠠᠭᠰᠢᠳᠠ ᠬᠥᠭᠵᠢᠭᠦᠯᠦᠨ ᠪᠤᠵᠠᠭᠠᠶᠢᠷᠠᠭᠤᠯᠤᠨ᠎ᠠ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1