ᠲᠣᠭᠲᠠᠬᠤ ᠰᠢᠶᠠᠨ᠄ ᠲᠣᠰᠬᠤᠨ ᠳᠤ ᠰᠠᠭᠤᠬᠤ ᠰᠢᠯᠢᠳᠡᠭ ᠺᠠᠳ᠋ᠷ ᠢ ᠦᠷᠭᠦᠯᠵᠢᠯᠡᠨ ᠰᠣᠩᠭᠤᠨ ᠲᠣᠮᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠰᠢᠯᠢᠳᠡᠭ ᠴᠡᠷᠢᠭ︾ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/10/21
      ᠤᠢᠢᠷ᠎ᠠ ᠶᠢᠨ ᠬᠤᠭᠤᠴᠠᠭᠠᠨ ᠳᠤ᠂ ᠲᠣᠭᠲᠠᠬᠤ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠶᠢ ᠰᠢᠨ᠎ᠡ ᠪᠠᠷ ᠰᠣᠩᠭᠤᠨ ᠲᠣᠮᠢᠯᠠᠬᠤ ᠠᠵᠢᠯ ᠤᠨ ᠳᠤᠮᠳᠠ ᠦᠷᠭᠦᠯᠵᠢᠯᠡᠨ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠮᠢᠯᠠᠵᠤ᠂ ᠲᠣᠰᠬᠤᠨ ᠳᠤ ᠰᠠᠭᠤᠭ᠎ᠠ ᠺᠠᠳ᠋ᠷᠴᠤᠳ ᠢ ᠳᠠᠶᠢᠴᠢᠯᠠᠨ᠂ ᠢᠲᠡᠭᠡᠯ ᠵᠣᠷᠢᠭ᠂ ᠬᠠᠷᠢᠭᠤᠴᠠᠯᠭᠠᠲᠤ ᠰᠡᠳᠬᠢᠯ᠂ ᠤᠷᠤᠭᠰᠢᠯᠠᠨ ᠳᠠᠪᠰᠢᠬᠤ ᠰᠡᠳᠬᠢᠯ —︽ᠭᠤᠷᠪᠠᠨ ᠰᠡᠳᠬᠢᠯ︾ ᠢ ᠰᠠᠶᠢᠲᠤᠷ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠬᠠᠩᠭᠠᠵᠠᠢ᠃      ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠲᠡᠭᠡᠯ ᠵᠣᠷᠢᠭ ᠢᠶᠠᠨ ᠴᠢᠩᠭᠠᠳᠬᠠᠨ᠎ᠠ᠃ ᠲᠣᠰ ᠤᠳᠠᠭᠠᠨ ᠤ ᠰᠣᠩᠭᠤᠨ ᠲᠣᠮᠢᠯᠠᠯᠲᠠ ᠳᠤ᠂ ᠲᠣᠭᠲᠠᠬᠤ ᠰᠢᠶᠠᠨ ᠤ ᠭᠤᠤᠯᠳᠠᠯᠭ᠎ᠠ ᠲᠠᠢ ᠰᠣᠩᠭᠤᠨ ᠲᠣᠮᠢᠯᠠᠭᠰᠠᠨ ᠬᠥᠮᠦᠵᠢᠭᠦᠯᠬᠦ ᠳᠠᠯᠳᠠ ᠬᠦᠴᠦᠨ ᠲᠠᠢ ᠰᠢᠯᠢᠳᠡᠭ ᠵᠠᠯᠠᠭᠤ ᠺᠠᠳ᠋ᠷ ᠨᠡᠶᠢᠲᠡ 46 ᠬᠥᠮᠦᠨ᠂ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠨᠢ 38 ᠬᠥᠮᠦᠨ ᠪᠠᠶᠢᠵᠤ᠂ ᠳᠤᠮᠳᠠᠴᠢ ᠨᠠᠰᠤ ᠨᠢ 33 ᠪᠠᠶᠢᠵᠤ᠂ ᠨᠢᠭᠡ ᠪᠦᠯᠦᠭ ᠵᠠᠯᠠᠭᠤᠵᠢᠭᠰᠠᠨ᠂ ᠮᠡᠳᠡᠯᠭᠡᠵᠢᠭᠰᠡᠨ᠂ ᠴᠢᠳᠠᠪᠤᠷᠢᠵᠢᠭᠰᠠᠨ ᠰᠢᠨ᠎ᠡ ᠬᠦᠴᠦᠨ ᠢ ᠵᠣᠬᠢᠶᠠᠨ ᠪᠠᠶᠢᠭᠤᠯᠤᠭᠰᠠᠨ ᠪᠠᠶᠢᠨ᠎ᠠ᠃ ᠲᠦᠷᠦᠭᠦᠬᠡᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠵᠢᠴᠢ ᠲᠤᠰᠢᠶᠠᠯ ᠳᠤ ᠭᠠᠷᠬᠤ ᠠᠴᠠ ᠡᠮᠦᠨᠡᠬᠢ ᠶᠠᠷᠢᠯᠴᠠᠭ᠎ᠠ ᠳᠤ᠂ ᠲᠣᠰᠬᠤᠨ ᠳᠤ ᠰᠠᠭᠤᠭ᠎ᠠ ᠺᠠᠳ᠋ᠷᠴᠤᠳ᠂ ᠲᠣᠰᠬᠤᠨ ᠳᠤ ᠰᠠᠭᠤᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠰᠠᠶᠢᠲᠤᠷ ᠬᠢᠬᠦ ᠶᠢᠨ ᠬᠠᠮᠲᠤ᠂ ᠦᠵᠡᠰᠬᠦᠯᠡᠩᠲᠦ ᠰᠠᠶᠢᠬᠠᠨ᠂ ᠪᠣᠯᠪᠠᠰᠤᠨ᠂ ᠡᠶ᠎ᠡ ᠵᠣᠬᠢᠴᠠᠩᠭᠤᠢ ᠲᠣᠰᠬᠤᠨ ᠢ ᠪᠦᠳᠦᠭᠡᠨ ᠪᠠᠶᠢᠭᠤᠯᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠲᠠᠭᠠᠭᠤᠯᠤᠬᠴᠢ ᠪᠣᠯᠤᠨ᠎ᠠ ᠭᠡᠵᠦ ᠢᠯᠡᠳᠬᠡᠵᠡᠭᠡᠪᠡ᠃      ᠲᠣᠰᠬᠤᠨ ᠳᠤ ᠰᠠᠭᠤᠬᠤ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠲᠤᠰ ᠤᠳᠠᠭ᠎ᠠ 8 ᠲᠣᠰᠬᠤᠨ ᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠶᠢ ᠰᠣᠩᠭᠤᠨ ᠲᠣᠮᠢᠯᠠᠵᠤ᠂ 22 ᠲᠣᠰᠬᠤᠨ ᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢ ᠰᠣᠩᠭᠤᠨ ᠲᠣᠮᠢᠯᠠᠪᠠ᠃ ᠡᠳᠡᠭᠡᠷ ᠭᠠᠴᠠᠭᠠᠨ ᠤ ᠳᠣᠲᠣᠷᠠᠬᠢ ᠵᠠᠷᠢᠮ ᠭᠠᠴᠠᠭᠠᠨ ᠤ ᠪᠠᠶᠢᠳᠠᠯ ᠨᠢ ᠨᠡᠯᠢᠶᠡᠳ ᠪᠤᠳᠤᠯᠢᠶᠠᠨᠲᠠᠶ᠂ ᠵᠥᠷᠢᠴᠡᠯ ᠨᠢ ᠨᠡᠯᠢᠶᠡᠳ ᠲᠤᠪᠤᠶᠢᠮ᠎ᠠ ᠪᠠᠶᠢᠳᠠᠭ︔ ᠵᠠᠷᠢᠮ ︽ᠬᠤᠶᠠᠷ ᠵᠥᠪᠯᠡᠯ︾ ᠤᠨ ᠪᠠᠭ ᠤᠨ ᠲᠠᠶᠢᠴᠢᠨ ᠬᠦᠴᠦᠨ ᠨᠢ ᠴᠢᠩᠭ᠎ᠠ ᠪᠢᠰᠢ᠂ ᠭᠠᠴᠠᠭᠠᠨ ᠤ ᠬᠠᠮᠲᠤ ᠶᠢᠨ ᠠᠵᠤ ᠠᠬᠤᠶ ᠨᠢ ᠨᠡᠯᠢᠶᠡᠳ ᠪᠠᠭᠤᠷᠠᠶ ᠪᠠᠶᠢᠨ᠎ᠠ᠃ ᠲᠣᠰᠬᠤᠨ ᠳᠤ ᠰᠠᠭᠤᠭ᠎ᠠ ᠺᠠᠳ᠋ᠷᠴᠤᠳ ︽ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠵᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ᠂ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠤᠴᠢᠷ ᠶᠠᠪᠤᠳᠠᠯ ᠪᠦᠲᠦᠭᠡᠬᠦ ᠳᠤ ᠦᠢᠯᠡᠴᠢᠯᠡᠬᠦ︾ ᠳᠥᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠷᠠᠳ ᠲᠤ ᠪᠣᠳᠠᠲᠠᠶ ᠠᠵᠢᠯ ᠬᠢᠬᠦ ᠶᠢ ᠴᠢᠬᠤᠯᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠬᠦ ᠶᠢ ᠪᠠᠷᠢᠮᠲᠠᠯᠠᠨ᠂ ᠡᠷᠦᠬᠡ ᠳᠤ ᠬᠦᠷᠴᠦ ᠰᠤᠷᠪᠤᠯᠵᠢᠯᠠᠬᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠤᠯ ᠵᠥᠷᠢᠴᠡᠯ ᠪᠠ ᠵᠥᠷᠢᠴᠡᠯ ᠤᠨ ᠭᠤᠤᠯ ᠲᠠᠯ᠎ᠠ ᠶᠢ ᠠᠳᠬᠤᠵᠤ᠂ ᠬᠠᠨᠳᠤᠯᠭᠠᠲᠤ ᠴᠢᠨᠠᠷᠲᠠᠶ ᠪᠠᠷ ᠠᠵᠢᠯ ᠢᠶᠠᠨ ᠥᠷᠨᠢᠭᠦᠯᠵᠦ᠂ ᠪᠠᠶᠢᠳᠠᠯ ᠢ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠥᠨᠳᠥᠷ ᠪᠦᠲᠦᠮᠵᠢᠲᠡᠶ ᠪᠠᠷ ᠤᠷᠤᠭᠰᠢ ᠠᠬᠢᠭᠤᠯᠬᠤ ᠳᠤ ᠬᠦᠴᠦᠨ ᠨᠡᠮᠡᠷᠢᠯᠡᠬᠦ ᠶᠤᠮ᠃      ᠬᠠᠯᠠᠮᠵᠢᠯᠠᠨ ᠤᠷᠮᠠᠰᠢᠭᠤᠯᠬᠤ ᠶᠢ ᠰᠠᠶᠢᠲᠤᠷ ᠠᠳᠬᠤᠵᠤ᠂ ᠳᠠᠪᠰᠢᠬᠤ ᠵᠣᠷᠢᠭ ᠢ ᠨᠡᠮᠡᠭᠳᠡᠭᠦᠯᠦᠨ᠎ᠡ᠃ ᠲᠣᠭᠲᠠᠬᠤ ᠰᠢᠶᠠᠨ ᠲᠣᠰᠬᠤᠨ ᠳᠤ ᠰᠠᠭᠤᠬᠤ ᠪᠠᠷ ᠺᠠᠳ᠋ᠷ ᠢ ᠬᠥᠮᠦᠵᠢᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠲᠦᠷᠦ ᠶᠢᠨ ᠪᠤᠳᠤᠯᠭ᠎ᠠ᠂ ᠬᠠᠷᠠᠭᠠᠯᠵᠠᠯ᠂ ᠪᠡᠶ᠎ᠡ ᠰᠡᠳᠬᠢᠯ ᠤᠨ ᠲᠠᠯ᠎ᠠ ᠪᠠᠷ ᠪᠦᠬᠦ ᠲᠠᠯ᠎ᠠ ᠶᠢᠨ ᠬᠠᠯᠠᠮᠵᠢᠯᠠᠯ ᠦᠵᠡᠭᠦᠯᠵᠦ ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠤᠶᠢᠰᠢᠳᠠ ᠶᠢᠨ ᠵᠣᠪᠠᠨᠢᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠣᠰᠬᠤᠨ ᠳᠤ ᠰᠠᠭᠤᠭ᠎ᠠ ᠺᠠᠳ᠋ᠷᠴᠤᠳ ᠤᠨ ︽ᠪᠠᠭᠤᠵᠤ ᠳᠡᠶᠢᠯᠬᠦ᠂ ᠠᠮᠤᠷ ᠲᠠᠶᠢᠪᠤᠩ ᠰᠠᠭᠤᠬᠤ᠂ ᠠᠭᠤᠰᠤᠯᠴᠠᠨ ᠲᠠᠪᠰᠢᠬᠤ᠂ ᠰᠠᠶᠢᠨ ᠠᠵᠢᠯᠯᠠᠬᠤ︾ ᠶᠢ ᠪᠠᠲᠤᠯᠠᠵᠤ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠴᠢᠷᠮᠠᠶᠢᠨ ᠲᠡᠮᠡᠴᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠪᠠ᠃ ᠺᠠᠳ᠋ᠷ ᠢ ᠳᠡᠪᠰᠢᠭᠦᠯᠦᠨ ᠬᠡᠷᠡᠭᠯᠡᠬᠦ᠂ ᠲᠤᠰᠢᠶᠠᠯ ᠤᠨ ᠳᠡᠰ ᠢ ᠳᠡᠪᠰᠢᠭᠦᠯᠬᠦ ᠲᠠᠯ᠎ᠠ ᠪᠠᠷ᠂ ᠠᠳᠠᠯᠢ ᠨᠥᠬᠦᠴᠡᠯ ᠤᠨ ᠳᠣᠣᠷ᠎ᠠ ᠤᠤᠯ ᠤᠨ ᠪᠠ ᠰᠢᠨ᠎ᠡ ᠪᠠᠷ ᠲᠣᠮᠢᠯᠠᠭᠰᠠᠨ ᠢᠯᠡᠷᠡᠯ ᠨᠢ ᠰᠢᠯᠢᠳᠡᠭ᠂ ᠠᠮᠵᠢᠯᠲᠠ ᠨᠢ ᠲᠤᠪᠤᠶᠢᠮ᠎ᠠ᠂ ᠤᠯᠠᠨ ᠲᠦᠮᠡᠨ ᠳᠤ ᠮᠡᠳᠡᠷᠡᠭᠳᠡᠭᠰᠡᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠶᠢᠨ ᠭᠡᠰᠢᠭᠦᠨ ᠢ ᠤᠷᠢᠳᠠᠪᠠᠷ ᠪᠣᠳᠣᠯᠬᠢᠯᠠᠬᠤ ᠶᠢᠨ ᠬᠠᠮᠲᠤ ᠲᠣᠰᠬᠤᠨ ᠳᠤ ᠰᠠᠭᠤᠭ᠎ᠠ ᠺᠠᠳ᠋ᠷ ᠤᠨ ᠠᠮᠢᠳᠤᠷᠠᠯ ᠤᠨ ᠨᠥᠬᠦᠪᠥᠷᠢ ᠵᠡᠷᠭᠡ ᠴᠢᠬᠤᠯᠠ ᠪᠦᠬᠦᠢ ᠵᠠᠷᠤᠳᠠᠯ ᠢ ᠰᠠᠶᠢᠲᠤᠷ ᠨᠠᠶᠢᠳᠠᠪᠤᠷᠢᠵᠢᠭᠤᠯᠵᠤ᠂ ᠲᠣᠰᠬᠤᠨ ᠳᠤ ᠰᠠᠭᠤᠭ᠎ᠠ ᠺᠠᠳ᠋ᠷ ᠤᠨ ᠬᠥᠮᠦᠨ ᠪᠦᠷᠢ ᠵᠢᠯ ᠲᠤ ᠨᠢᠭᠡ ᠤᠳᠠᠭ᠎ᠠ ᠪᠡᠶ᠎ᠡ ᠶᠢᠨ ᠪᠠᠶᠢᠴᠠᠭᠠᠯᠲᠠ ᠬᠢᠬᠦ᠂ ᠬᠥᠮᠦᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠢ ᠭᠦᠢᠴᠡᠳᠬᠡᠬᠦ ᠳᠤ ᠴᠢᠬᠤᠯᠠ ᠪᠦᠬᠦᠢ ᠠᠵᠢᠯ ᠪᠠ ᠠᠮᠢᠳᠤᠷᠠᠯ ᠤᠨ ᠨᠥᠬᠦᠴᠡᠯ ᠢ ᠬᠠᠩᠭᠠᠬᠤ ᠪᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1