ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠬᠠᠩᠭᠢᠨᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠳᠬᠠᠶ᠎ᠠ
ᠨᠡᠶᠢᠲᠡᠯᠡᠭᠰᠡᠨ ᠴᠠᠭ᠄
2021/10/22
      ᠲᠣᠭᠲᠠᠬᠤ ᠰᠢᠶᠠᠨ ᠤ ᠬᠢᠨᠠᠨ ᠪᠤᠳᠤᠯᠳᠠ ᠶᠢᠨ ᠲᠤᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠬᠤᠶᠠᠷ ᠢ ᠬᠠᠮᠠᠭᠠᠯᠠᠬᠤ︾ ᠶᠢ  ᠦᠢᠯᠡᠳᠦᠯᠭᠡᠵᠢᠭᠦᠯᠵᠦ ᠪᠠᠶᠢᠨ᠎ᠠ᠃      ᠤᠨᠤᠯ ᠤᠨ ᠰᠤᠷᠤᠯᠴᠠᠯᠭ᠎ᠠ ᠨᠢ ᠪᠦᠯᠬᠦᠮᠳᠡᠯ ᠢ ᠳᠡᠮᠵᠢᠳᠡᠭ᠃ ᠲᠣᠭᠲᠠᠬᠤ ᠰᠢᠶᠠᠨ ᠤ ᠬᠢᠨᠠᠨ ᠪᠤᠳᠤᠯᠳᠠ ᠶᠢᠨ ᠲᠤᠪᠴᠢᠶ᠎ᠠ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠰᠤᠷᠤᠯᠴᠠᠬᠤ ᠶᠢ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠪᠦᠬᠦ ᠺᠠᠳ᠋ᠷᠴᠤᠳ ᠤᠨ ᠬᠠᠮᠲᠤ ᠶᠢᠨ ᠰᠤᠷᠤᠯᠴᠠᠯᠭ᠎ᠠ ᠶᠢᠨ ᠲᠥᠯᠥᠪᠯᠡᠭᠡ ᠳᠤ ᠣᠷᠣᠭᠤᠯᠪᠠ᠃ ︽ᠵᠢᠷᠭᠤᠭ᠎ᠠ ᠶᠢ ᠲᠣᠳᠣᠷᠬᠠᠶ ᠪᠣᠯᠭᠠᠬᠤ︾᠂ ︽ᠲᠠᠪᠤ ᠶᠢ ᠳᠣᠣᠷ᠎ᠠ ᠵᠢᠱᠢᠵᠦ ᠪᠣᠯᠬᠤ ᠦᠭᠡᠢ︾ ᠪᠠᠶᠢᠬᠤ ᠱᠠᠭᠠᠷᠳᠠᠯᠭ᠎ᠠ ᠶᠣᠰᠣᠭᠠᠷ᠂ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠵᠡᠷᠭᠡ ᠶᠢ ᠨᠠᠷᠢᠨ ᠬᠢᠨᠠᠮᠠᠭᠠᠶ ᠰᠤᠷᠤᠯᠴᠠᠵᠤ᠂ ᠪᠦᠬᠦ ᠲᠠᠯ᠎ᠠ ᠪᠠᠷ ᠰᠤᠷᠤᠯᠴᠠᠵᠤ᠂ ᠰᠢᠰᠲ᠋ᠧᠮ ᠲᠠᠢ ᠣᠶᠢᠯᠠᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠂ ᠡᠭᠡ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠶ ᠭᠡᠳᠡᠭ ᠢ ᠪᠦᠬᠦ ᠺᠠᠳ᠋ᠷ ᠠᠵᠢᠯᠳᠠᠨ ᠳᠤ ᠭᠦᠨᠵᠡᠭᠡᠶ ᠲᠠᠨᠢᠯᠴᠠᠭᠤᠯᠪᠠ᠃      ᠴᠡᠴᠡᠭᠯᠡᠯᠲᠡ ᠶᠢ ᠠᠬᠢᠭᠤᠯᠬᠤ ᠶᠢ ᠢᠳᠡᠪᠬᠢᠲᠡᠶ ᠤᠬᠠᠭᠤᠯᠪᠠ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ︾ ᠪᠠᠷ ᠭᠤᠤᠯ ᠰᠡᠳᠦᠪ ᠪᠣᠯᠭᠠᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠦᠷᠨᠢᠭᠦᠯᠪᠡ᠃ ᠲᠧᠯᠸᠢᠰ᠂ ᠰᠦᠯᠵᠢᠶ᠎ᠡ ᠵᠡᠷᠭᠡ ᠶᠢ ᠭᠦᠢᠴᠡᠳ ᠠᠰᠢᠭᠯᠠᠨ᠂ ︽ᠢᠨᠲ᠋ᠤᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠲᠤᠰᠬᠠᠶ ᠰᠡᠳᠦᠪᠲᠦ ᠪᠤᠯᠤᠩ ᠭᠠᠷᠭᠠᠪᠠ᠃ ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠠᠵᠢᠯᠯᠠᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠱᠠᠩᠨᠠᠯ ᠲᠠᠢ ᠥᠷᠢᠰᠥᠯᠳᠦᠨ ᠬᠠᠷᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠲᠥᠬᠦᠮ ᠪᠥᠭᠡᠳ ᠣᠷᠣᠯᠴᠠᠬᠤ ᠳᠤᠷᠠᠲᠠᠶ ᠲᠠᠪᠴᠠᠩ ᠢ ᠪᠠᠶᠢᠭᠤᠯᠵᠦ᠂ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ ᠢᠳᠡᠪᠬᠢᠲᠡᠶ ᠣᠷᠣᠯᠴᠠᠵᠤ᠂ ᠨᠡᠶᠢᠲᠡ 290 ᠤᠳᠠᠭ᠎ᠠ ᠰᠡᠳᠦᠪ ᠬᠠᠷᠢᠭᠤᠯᠵᠤ᠂ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠶᠢᠨ ᠪᠣᠳᠠᠲᠤ ᠪᠦᠲᠦᠮᠵᠢᠲᠦ ᠴᠢᠨᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠬᠠᠮᠰᠠᠷ᠂ ᠠᠷᠠᠳ ᠢᠷᠭᠡᠳ ᠤᠨ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠥᠭ ᠠᠶᠠᠰ ᠢ ᠤᠯᠠᠮ ᠨᠢᠭᠡ ᠠᠯᠬᠤᠮ ᠬᠠᠩᠭᠢᠨᠠᠭᠤᠯᠤᠭᠰᠠᠨ ᠪᠠᠶᠢᠨ᠎ᠠ᠃      ᠨᠠᠮ ᠤᠨ ᠡᠳᠦᠷᠯᠢᠭ ᠤᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠶ᠎ᠠ︾ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠥᠷᠨᠢᠭᠦᠯᠪᠡ᠃ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠪᠠᠷ ᠲᠥᠪᠯᠡᠩᠭᠦᠢ ᠬᠦᠴᠦᠨ ᠢ ᠨᠢᠭᠲᠠᠷᠠᠭᠤᠯᠬᠤ ᠲᠠᠶᠢᠴᠢᠨ ᠬᠦᠴᠦᠨ ᠢ ᠪᠦᠷᠢᠯᠳᠦᠭᠦᠯᠵᠦ᠂ ᠦᠨᠳᠦᠰᠦᠲᠡᠨ ᠤ ᠪᠦᠯᠬᠦᠮᠳᠡᠯ ᠤᠨ ᠠᠭᠤᠤ ᠶᠡᠭᠡ ᠦᠢᠯᠡᠰ ᠢ ᠮᠠᠭᠲᠠᠨ ᠳᠠᠭᠤᠯᠠᠵᠤ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢᠨ ᠳ᠋ᠦᠩᠨᠡᠯᠲᠡ ᠶᠢᠨ ᠭᠤᠷᠪᠠᠨ ᠬᠡᠰᠡᠭ ᠢ ᠪᠦᠷᠢᠯᠳᠦᠭᠦᠯᠵᠦ᠂ ᠺᠠᠳ᠋ᠷ ᠠᠵᠢᠯᠳᠠᠨ ᠠᠵᠢᠯᠴᠢᠨ ᠦᠯᠢᠭᠡᠷ ᠶᠠᠷᠢᠬᠤ᠂ ᠬᠠᠮᠲᠤ ᠪᠠᠷ ᠤᠶᠠᠩᠭᠠᠯᠠᠨ ᠤᠩᠰᠢᠬᠤ ᠵᠡᠷᠭᠡ ᠬᠡᠯᠪᠡᠷᠢ ᠪᠠᠷ ᠳᠡᠷᠭᠡᠳᠡᠬᠢ ᠦᠯᠢᠭᠡᠷ ᠳᠠᠭᠤᠷᠢᠶᠠᠯ ᠤᠨ ᠬᠦᠴᠦᠨ ᠢᠶᠠᠷ ᠨᠡᠩ ᠤᠯᠠᠨ ᠬᠥᠮᠦᠰ ᠢ ᠲᠠᠶᠢᠴᠢᠯᠠᠨ ᠨᠥᠯᠥᠭᠡᠯᠡᠵᠦ ᠪᠠᠶᠢᠭᠠᠳ ᠦᠨᠳᠦᠰᠦᠲᠡᠨ ᠤ ᠪᠦᠯᠬᠦᠮᠳᠡᠯ ᠤᠨ ᠠᠵᠢᠯ ᠳᠤ ᠣᠷᠣᠯᠴᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠤᠯᠠᠮᠵᠢᠯᠠᠪᠠ ᠃ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠬᠥᠭᠵᠢᠭᠡᠪᠡ᠃ ᠣᠯᠠᠨ ᠢᠶᠠᠷ ᠢᠶᠠᠨ ᠠᠵᠢᠯ ᠪᠠ ᠨᠡᠶᠢᠭᠡᠮ ᠤᠨ ᠠᠮᠢᠳᠤᠷᠠᠯ ᠤᠨ ᠳᠤᠮᠳᠠ ᠡᠯ᠎ᠡ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠤᠨᠤᠯ ᠪᠠ ᠦᠢᠯᠡᠳᠦᠯᠭᠡ ᠶᠢᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠦᠨ᠎ᠡ᠃      ᠲᠣᠭᠲᠠᠬᠤ ᠰᠢᠶᠠᠨ ᠤ ᠬᠢᠨᠠᠨ  ᠪᠤᠳᠤᠯᠳᠠ ᠶᠢᠨ ᠲᠤᠪᠴᠢᠶ᠎ᠠ᠂ ︽ᠬᠤᠣᠰ ᠵᠠᠭᠤᠨ ᠵᠢᠯ︾ ᠤᠨ ᠲᠡᠦᠬᠡ ᠶᠢᠨ ᠠᠭᠤᠯᠵᠠᠷ ᠲᠤ ᠵᠣᠭᠰᠣᠵᠤ᠂ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠮᠠᠭᠲᠠ ᠪᠠᠲᠤᠳᠬᠠᠵᠤ᠂ ︽ᠬᠤᠶᠠᠷ ᠬᠠᠯᠬᠠᠪᠴᠢ︾ ᠶᠢᠨ ᠪᠦᠳᠦᠭᠡᠨ ᠪᠠᠶᠢᠭᠤᠯᠤᠭᠴᠢ᠂ ᠰᠠᠬᠢᠨ ᠬᠠᠮᠠᠭᠠᠯᠠᠭᠴᠢ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1