ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠲᠠᠯ᠎ᠠ ᠨᠤᠲᠤᠭ ᠤᠨ ᠪᠦᠷᠭᠦᠳ 2021︾ ᠶᠢ ᠲᠥᠪᠯᠡᠷᠡᠭᠦᠯᠦᠨ ᠭᠦᠢᠴᠡᠳᠭᠡᠬᠦ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2021/10/22
      ᠪᠥᠬᠦ ᠣᠷᠣᠨ ᠤ ᠰᠢᠭᠦᠬᠦ ᠬᠤᠷᠢᠶ᠎ᠠ ᠶᠢᠨ ᠰᠢᠭᠦᠨ ᠲᠠᠰᠤᠯᠤᠯᠲᠠ ᠶᠢᠨ ᠭᠦᠢᠴᠡᠳᠭᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠲᠥᠰᠦᠯ ᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠪᠥᠬᠦ ᠣᠷᠣᠨ ᠤ ᠰᠢᠭᠦᠬᠦ ᠬᠤᠷᠢᠶ᠎ᠠ ᠶᠢᠨ ︽ᠲᠠᠯ᠎ᠠ ᠨᠤᠲᠤᠭ ᠤᠨ ᠪᠦᠷᠭᠦᠳ 2021︾ ᠲᠥᠪᠯᠡᠷᠡᠭᠦᠯᠦᠨ ᠭᠦᠢᠴᠡᠳᠭᠡᠬᠦ ᠠᠵᠢᠯᠯᠠᠭ᠎ᠠ ᠶᠢᠨ ᠡᠬᠢᠯᠡᠯᠲᠡ ᠶᠢᠨ ᠸᠢᠳᠢᠤ᠋ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶ᠎ᠠ ᠶᠢᠨ ᠳᠠᠷᠤᠭ᠎ᠠ ᠶᠠᠩ ᠽᠦᠩ ᠷᠧᠨ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃
     10 ᠳ᠋ᠤᠭᠠᠷ ᠰᠠᠷ᠎ᠠ ᠶᠢᠨ 19 ᠤ ᠡᠳᠦᠷ ᠤᠨ ᠣᠷᠣᠶ ᠶᠢᠨ 8 ᠴᠠᠭ ᠲᠤ᠂ ︽ᠲᠠᠯ᠎ᠠ ᠨᠤᠲᠤᠭ ᠤᠨ ᠪᠦᠷᠭᠦᠳ 2021︾ ᠰᠥᠨᠢ ᠪᠠᠷ ᠲᠥᠪᠯᠡᠷᠡᠭᠦᠯᠦᠨ ᠭᠦᠢᠴᠡᠳᠭᠡᠬᠦ ᠠᠵᠢᠯᠯᠠᠭ᠎ᠠ ᠶᠢ ᠡᠬᠢᠯᠡᠭᠦᠯᠪᠡ᠂ ᠲᠣᠰ ᠤᠳᠠᠭᠠᠨ ᠤ ᠭᠦᠢᠴᠡᠳᠭᠡᠬᠦ ᠠᠵᠢᠯᠯᠠᠭ᠎ᠠ ᠶᠢ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠤᠳᠤᠷᠢᠳᠬᠤ ᠪᠠᠭ ᠳᠠᠭᠠᠭᠤᠯᠵᠤ᠂ ᠭᠦᠢᠴᠡᠳᠭᠡᠬᠦ ᠲᠣᠪᠴᠢᠶ᠎ᠠ ᠵᠢᠴᠢ ᠬᠠᠤᠯᠢ ᠶᠢᠨ ᠴᠠᠭᠳᠠᠭᠠᠨ ᠤ ᠠᠩᠭᠢ ᠶᠢᠨ 25 ᠺᠠᠳ᠋ᠷ ᠴᠠᠭᠳᠠᠭ᠎ᠠ᠂ 8 ᠴᠠᠭᠳᠠᠭᠠᠨ ᠲᠡᠷᠭᠡ ᠭᠦᠢᠴᠡᠳᠭᠡᠬᠦ ᠳᠤ ᠣᠷᠣᠯᠴᠠᠵᠠᠶ᠃ ᠰᠥᠨᠢ ᠳᠦᠯᠢ ᠶᠢᠨ ᠦᠶ᠎ᠡ ᠪᠠᠷ ᠰᠢᠭᠦᠬᠦ ᠬᠤᠷᠢᠶᠠᠨ ᠳᠤ ᠳ᠋ᠧᠩ ᠤᠨ ᠭᠡᠷᠡᠯ ᠳᠤᠸᠠᠯᠠᠵᠤ᠂ ᠰᠡᠷᠡᠮᠵᠢ ᠶᠢᠨ ᠳ᠋ᠧᠩ ᠭᠢᠯᠠᠯᠵᠠᠵᠤ᠂ ᠺᠠᠳ᠋ᠷ ᠴᠠᠭᠳᠠᠭ᠎ᠠ ᠨᠠᠷ ᠴᠤᠭ ᠵᠢᠪᠬᠤᠭ᠎ᠠ ᠪᠠᠳᠠᠷᠠᠩᠭᠤᠶ ᠪᠠᠷ ᠮᠣᠷᠳᠠᠬᠤ ᠪᠠᠷ ᠪᠡᠯᠡᠬᠡᠨ ᠪᠠᠶᠢᠯ᠎ᠠ᠃ ᠮᠣᠷᠳᠠᠬᠤ ᠵᠠᠷᠯᠢᠭ ᠢ ᠳᠠᠭᠠᠯᠳᠤᠵᠤ᠂ ᠺᠠᠳ᠋ᠷ ᠴᠠᠭᠳᠠᠭ᠎ᠠ ᠦᠳᠲᠡᠷ ᠲᠦᠷᠭᠡᠨ ᠬᠥᠳᠡᠯᠦᠯᠴᠡᠵᠦ᠂ ᠭᠦᠢᠴᠡᠳᠭᠡᠬᠦ ᠲᠤᠬᠠᠢ ᠶᠢᠨ ᠲᠠᠯᠠᠪᠠᠢ ᠳᠤ ᠬᠦᠷᠴᠦ᠂ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠡᠬᠢᠯᠡᠵᠡᠢ᠃
     ᠲᠣᠰ ᠤᠳᠠᠭᠠᠨ ᠤ ᠲᠥᠪᠯᠡᠷᠡᠭᠦᠯᠦᠨ ᠭᠦᠢᠴᠡᠳᠭᠡᠬᠦ ᠠᠵᠢᠯᠯᠠᠭ᠎ᠠ ᠨᠢ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠭᠦᠢᠴᠡᠳᠭᠡᠬᠦ ᠬᠡᠷᠡᠭ ᠢᠶᠠᠷ ᠭᠤᠤᠯᠳᠠᠯᠭ᠎ᠠ ᠪᠣᠯᠭᠠᠵᠤ᠂ ᠣᠷᠳᠣ ᠬᠤᠭᠤᠴᠠᠭ᠎ᠠ ᠪᠠᠷ ᠭᠦᠢᠴᠡᠳᠭᠡᠬᠦ ᠳᠤ ᠬᠠᠮᠵᠢᠯᠴᠠᠬᠤ ᠥᠬᠡᠶ᠂ ᠬᠠᠤᠯᠢ ᠴᠠᠭᠠᠵᠠ ᠶᠢᠨ ᠡᠭᠦᠷᠭᠡ ᠪᠠᠨ ᠭᠦᠢᠴᠡᠳᠭᠡᠬᠦ ᠶᠢ ᠲᠡᠪᠴᠢᠭᠰᠡᠨ᠂ ᠭᠦᠢᠴᠡᠳᠭᠡᠬᠦ ᠠᠴᠠ ᠵᠠᠶᠢᠯᠠᠭᠰᠠᠨ ᠭᠦᠴᠡᠳᠭᠡᠳᠡᠭᠡᠭᠴᠢ ᠳᠤ ᠴᠢᠭᠯᠡᠭᠦᠯᠦᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠣᠷᠣᠶ ᠶᠢᠨ 23 ᠴᠠᠭ ᠪᠣᠯᠲᠠᠯ᠎ᠠ 8 ᠬᠡᠷᠡᠭ ᠢ ᠭᠦᠢᠴᠡᠳᠭᠡᠨ ᠳᠠᠭᠤᠰᠬᠠᠵᠤ᠂ 72.99 ᠲᠦᠮᠡᠨ ᠲᠥᠭᠦᠷᠢᠭ ᠢ ᠪᠣᠳᠠᠲᠠᠶ ᠪᠠᠷ ᠭᠦᠢᠴᠡᠳᠭᠡᠵᠦ᠂ 8 ᠬᠥᠮᠦᠨ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠭᠦᠢᠴᠡᠳᠬᠡᠬᠦ ᠠᠴᠠ ᠵᠠᠶᠢᠯᠠᠬᠤ᠂ ᠭᠦᠢᠴᠡᠳᠬᠡᠬᠦ ᠶᠢ ᠡᠰᠡᠷᠭᠦᠴᠡᠬᠦ ᠦᠢᠯᠡ ᠠᠵᠢᠯᠯᠠᠭ᠎ᠠ ᠳᠤ ᠪᠦᠲᠦᠮᠵᠢᠲᠡᠶ ᠪᠠᠷ ᠴᠣᠬᠢᠯᠲᠠ ᠥᠭᠭᠦᠭᠰᠡᠨ ᠪᠠ ᠲᠡᠭᠦᠨ ᠢ ᠬᠤᠷᠢᠭᠯᠠᠨ ᠵᠣᠭᠰᠣᠭᠠᠵᠤ᠂ ᠵᠠᠷᠭᠤ ᠢᠯᠠᠭᠰᠠᠨ ᠲᠤᠬᠠᠶ ᠶᠢᠨ ᠬᠥᠮᠦᠨ ᠤ ᠡᠷᠬᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠪᠠᠲᠤᠯᠠᠵᠤ᠂ ᠬᠠᠤᠯᠢ ᠴᠠᠭᠠᠵᠠ ᠶᠢᠨ ᠡᠷᠬᠡ ᠰᠦᠷ ᠪᠠ ᠬᠠᠤᠯᠢ ᠴᠠᠭᠠᠵᠠ ᠶᠢᠨ ᠨᠡᠷ᠎ᠡ ᠬᠦᠨᠳᠦ ᠶᠢ ᠬᠠᠮᠠᠭᠠᠯᠠᠪᠠ᠃
     ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠭᠦᠢᠴᠡᠳᠬᠡᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠦᠢᠴᠡᠳᠬᠡᠬᠦ ᠠᠵᠢᠯ ᠤᠨ ᠳᠤᠮᠳᠠᠬᠢ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1