ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠰᠢᠳᠠᠮᠠᠭᠠᠢ ᠬᠡᠢ ᠶᠢᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/10/22
      ᠪᠥᠬᠦ ᠰᠢᠶᠠᠨ ᠤ ᠰᠢᠳᠠᠮᠠᠭᠠᠢ ᠬᠡᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠳᠠᠮᠠᠭᠠᠢ ᠬᠡᠢ ᠶᠢᠨ ᠠᠮᠤᠷ ᠲᠦᠪᠰᠢᠨ ᠤ ᠳᠠᠯᠳᠠ ᠬᠡᠮ ᠪᠠ ᠠᠰᠠᠭᠤᠳᠠᠯ ᠢ ᠭᠦᠨᠵᠡᠭᠡᠶ ᠪᠠᠶᠢᠴᠠᠭᠠᠨ ᠵᠠᠰᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 21 ᠤ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠮᠠᠨ ᠤ ᠰᠢᠶᠠᠨ ᠤ ᠰᠢᠳᠠᠮᠠᠭᠠᠢ ᠬᠡᠢ ᠶᠢᠨ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ᠃
     ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠳᠠᠮᠠᠭᠠᠢ ᠬᠡᠢ ᠶᠢᠨ ᠬᠦᠴᠦᠨ ᠪᠥᠬᠦᠶ ᠵᠥᠪᠰᠢᠶᠡᠷᠡᠯ ᠤᠨ ᠦᠨᠡᠮᠯᠡᠯ ᠪᠠᠶᠢᠬᠤ ᠡᠰᠡᠬᠦ᠂ ᠲᠣᠨᠤᠭ ᠲᠥᠬᠦᠭᠡᠷᠦᠮᠵᠢ ᠶᠢ ᠬᠡᠷᠡᠭᠯᠡᠬᠦ ᠳᠡᠩᠰᠡᠯᠡᠯᠲᠡ ᠬᠢᠯᠭᠡᠬᠦ ᠶᠢᠨ ᠬᠠᠮᠲᠤ ᠰᠢᠯᠭᠠᠨ ᠪᠠᠶᠢᠴᠠᠭᠠᠬᠤ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠤᠶᠢᠯᠠᠭᠠᠪᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠤᠨ ᠳᠠᠯᠳᠠ ᠬᠡᠮ ᠳᠤ ᠴᠢᠭᠯᠡᠭᠦᠯᠦᠨ ᠵᠢᠭᠠᠪᠤᠷᠢ ᠶᠢᠨ ᠪᠢᠴᠢᠭ ᠪᠠᠭᠤᠯᠭᠠᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠠᠳᠡᠯ ᠤᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ ᠪᠢᠲᠡᠭᠦᠦ ᠬᠠᠮᠢᠶᠠᠷᠤᠯᠲᠠ ᠶᠢ ᠪᠡᠶᠡᠯᠡᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 12 ᠬᠥᠮᠦᠨ ᠤᠳᠠᠭ᠎ᠠ ᠬᠥᠳᠡᠯᠭᠡᠵᠦ᠂ ᠰᠢᠲᠠᠮᠠᠬᠠᠶ ᠬᠡᠶ ᠬᠡᠷᠡᠭᠯᠡᠬᠦ  5 ᠨᠢᠭᠡᠴᠢ ᠶᠢ ᠪᠠᠶᠢᠴᠠᠭᠠᠪᠠ᠃
    ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠰᠢᠳᠠᠮᠠᠭᠠᠢ ᠬᠡᠢ ᠶᠢᠨ ᠬᠢᠨᠠᠨ ᠪᠠᠶᠢᠴᠠᠭᠠᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1