︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/22
      ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠠ ᠲᠤᠷᠰᠢᠯᠭ᠎ᠠ ᠶᠢ ᠭᠦᠢᠴᠡᠳ ᠳ᠋ᠦᠩᠨᠡᠵᠦ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠵᠢᠯᠣᠭᠤᠳᠴᠤ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠢᠬᠤᠯᠠ ᠶᠡᠭᠡ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠳᠤᠷᠠᠳᠬᠤ ᠶᠢᠨ ᠲᠤᠰᠠᠳᠠ᠂ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠠᠨᠠᠭᠤᠯᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠪᠠ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠲᠥᠯᠥᠪᠵᠢᠭᠦᠯᠭᠡ ᠶᠢᠨ ᠵᠥᠪᠯᠡᠯ ᠤᠨ ᠮᠡᠳᠡᠭᠳᠡᠯ︾ ᠢ ᠦᠨᠳᠦᠰᠦᠯᠡᠵᠦ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠲᠣᠭᠲᠠᠭᠠᠨ ᠨᠡᠶᠢᠲᠡᠯᠡᠪᠡ᠃      ᠬᠤᠶᠠᠷ᠂ ︽ᠲᠥᠯᠥᠪᠵᠢᠭᠦᠯᠭᠡ︾ ᠶᠢᠨ ᠭᠤᠣᠯ ᠠᠭᠤᠯᠭ᠎ᠠ      ︽ᠲᠥᠯᠥᠪᠵᠢᠭᠦᠯᠭᠡ︾ ᠨᠢ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠢᠳᠡᠪᠬᠢᠲᠡᠶ ᠪᠠᠷ ᠵᠣᠬᠢᠴᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠲᠠ ᠶᠢ ᠶᠡᠭᠡ ᠬᠡᠪᠴᠢᠶ᠎ᠡ ᠪᠠᠷ ᠨᠡᠮᠡᠭᠳᠡᠵᠦ ᠪᠦᠲᠦᠭᠡᠨ ᠪᠠᠶᠢᠭᠤᠯᠵᠤ ᠪᠠᠶᠢᠭᠰᠠᠨ ᠢ ᠬᠠᠳᠠᠭᠠᠯᠠᠬᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠬᠦ ᠪᠠ ᠨᠡᠮᠡᠭᠳᠡᠯ ᠤᠨ ᠪᠦᠲᠦᠴᠡ ᠶᠢᠨ ᠲᠣᠬᠢᠷᠠᠭᠤᠯᠤᠯᠲᠠ ᠬᠢᠬᠦ ᠶᠢ ᠵᠡᠷᠭᠡ ᠪᠠᠷ ᠴᠢᠬᠤᠯᠠᠴᠢᠯᠠᠬᠤ ᠪᠣᠯᠭᠠᠨ ᠬᠤᠪᠢᠷᠠᠭᠤᠯᠬᠤ ᠪᠠᠷ ᠭᠤᠣᠯᠳᠠᠭᠤᠯᠵᠤ᠂ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠰᠢᠨ᠎ᠡ ᠴᠠᠭ ᠦᠶ᠎ᠡ ᠳᠤ ᠣᠷᠣᠭᠤᠯᠬᠤ ᠰᠢᠨ᠎ᠡ ᠱᠠᠭᠠᠷᠳᠠᠯᠭ᠎ᠠ ᠪᠠᠷ᠂ ᠰᠠᠭᠤᠬᠤ ᠠᠴᠠ ᠣᠷᠣᠨ ᠰᠠᠭᠤᠴᠠ ᠲᠠᠢ ᠪᠠᠶᠢᠭᠰᠠᠨ ᠠᠴᠠ ᠰᠠᠭᠤᠬᠤ ᠠᠴᠠ ᠰᠠᠶᠢᠨ ᠰᠠᠭᠤᠴᠠ ᠲᠠᠢ ᠪᠣᠯᠭᠠᠬᠤ ᠲᠡᠶᠢᠰᠢ ᠤᠷᠤᠭᠰᠢᠯᠠᠬᠤ ᠶᠢ ᠠᠬᠢᠭᠤᠯᠬᠤ᠂ ᠬᠤᠳᠠ ᠶᠢ ᠰᠢᠨᠡᠳᠬᠡᠬᠦ ᠪᠠ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠪᠦᠷᠢᠨ ᠪᠦᠲᠦᠨ ᠰᠠᠭᠤᠷᠢᠰᠢᠯ ᠤᠨ ᠨᠡᠶᠢᠭᠡᠮ ᠲᠣᠭᠤᠷᠢᠭ ᠢ ᠪᠦᠳᠦᠭᠡᠨ ᠪᠠᠶᠢᠭᠤᠯᠬᠤ᠂ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ᠂ ᠠᠵᠢᠯ ᠲᠦᠷᠦᠯ ᠤᠨ ᠵᠠᠰᠠᠯᠲᠠ ᠶᠢᠨ ᠲᠣᠭᠠᠴᠢᠯᠠᠭᠰᠠᠨ ᠤᠶᠤᠨ ᠳᠤ ᠴᠢᠳᠠᠪᠤᠷᠢ ᠣᠯᠭᠤᠬᠤ ᠶᠢ ᠪᠡᠶᠡᠯᠡᠭᠦᠯᠬᠦ ᠵᠡᠷᠭᠡ ᠲᠠᠯ᠎ᠠ ᠪᠠᠷ ᠠᠯᠢ ᠤᠯᠠᠨ ᠰᠢᠨ᠎ᠡ ᠬᠠᠷᠠᠯᠲᠠ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠤ᠂ ᠬᠤᠳᠠ ᠬᠥᠳᠡᠭᠡ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠷᠢᠯᠢᠭ ᠨᠠᠶᠢᠳᠠᠪᠤᠷᠢᠵᠢᠭᠤᠯᠬᠤ ᠪᠣᠯᠣᠨ᠎ᠠ᠃      ︽ᠲᠥᠯᠥᠪᠵᠢᠭᠦᠯᠭᠡ︾ ᠨᠢ ᠨᠡᠶᠢᠲᠡ ᠭᠤᠷᠪᠠᠨ ᠶᠡᠭᠡ ᠬᠡᠰᠡᠭ 10 ᠪᠦᠯᠦᠭ ᠢᠶᠠᠷ ᠪᠦᠷᠢᠯᠳᠦᠵᠡᠢ᠂ ᠨᠢᠭᠡᠳᠦᠭᠡᠷ ᠬᠡᠰᠡᠭ ᠢ ᠨᠢᠭᠡᠳᠦᠭᠡᠷ ᠪᠦᠯᠦᠭ ᠪᠠ ᠬᠤᠶᠠᠳᠤᠭᠠᠷ ᠪᠦᠯᠦᠭ ᠭᠡᠵᠦ ᠬᠤᠪᠢᠶᠠᠪᠠ᠃ ᠭᠤᠣᠯᠳᠠᠭᠤ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢᠨ ᠠᠮᠵᠢᠯᠲᠠ ᠪᠣᠯᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠤᠯᠭᠠᠷᠠᠬᠤ ᠪᠠᠶᠢᠳᠠᠯ ᠢ ᠳ᠋ᠦᠩᠨᠡᠨ ᠵᠠᠳᠠᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠪᠦᠬᠦ ᠣᠷᠣᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠢ ᠳᠤᠷᠠᠳᠴᠤ᠂ 2025 ᠣᠨ ᠪᠣᠯᠬᠤ ᠳᠤ᠂ ᠪᠦᠬᠦ ᠣᠷᠣᠨ ᠤ ᠬᠥᠮᠦᠰ ᠤᠨ ᠰᠠᠭᠤᠷᠢᠰᠢᠬᠤ ᠣᠷᠴᠢᠨ ᠢ ᠨᠡᠩ ᠲᠠᠭᠠᠯᠠᠮᠵᠢᠲᠠᠢ ᠪᠣᠯᠭᠠᠵᠤ᠂ ᠪᠠᠷᠢᠯᠭ᠎ᠠ ᠶᠢᠨ ᠦᠢᠯᠡᠰ ᠤᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠤᠯᠠᠮ ᠨᠢᠭᠡ ᠠᠯᠬᠤᠮ ᠰᠢᠪᠲᠤᠯᠤᠯᠲᠠ ᠲᠠᠢ ᠪᠣᠯᠭᠠᠬᠤ᠂ ᠬᠤᠳᠠ ᠶᠢᠨ ᠰᠢᠨᠡᠴᠢᠯᠡᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠣᠶᠣᠯ ᠤᠨ ᠣᠨᠴᠠᠯᠢᠭ ᠢ ᠠᠯᠬᠤᠮ ᠠᠯᠬᠤᠮ ᠢᠶᠠᠷ ᠳᠣᠪᠤᠶᠢᠯᠭᠠᠬᠤ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠪᠣᠯᠤᠨ ᠬᠤᠳᠠ ᠶᠢᠨ ᠤᠶᠠᠨ ᠬᠠᠳᠠᠨ ᠴᠢᠨᠠᠷ ᠢ ᠦᠷᠭᠦᠯᠵᠢᠯᠡᠨ ᠴᠢᠩᠭᠠᠳᠬᠠᠵᠤ᠂ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠤᠶᠤᠨᠴᠢᠯᠠᠭᠰᠠᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠲᠣᠭᠲᠠᠭᠠᠵᠠᠢ᠃      ᠬᠤᠶᠠᠳᠤᠭᠠᠷ ᠬᠡᠰᠡᠭ ᠢ ᠭᠤᠷᠪᠠᠳᠤᠭᠠᠷ ᠪᠦᠯᠦᠭ ᠠᠴᠠ ᠶᠢᠰᠦᠳᠦᠭᠡᠷ ᠪᠦᠯᠦᠭ ᠬᠦᠷᠲᠡᠯ᠎ᠡ ᠬᠤᠪᠢᠶᠠᠵᠠᠢ᠂ ᠭᠤᠤᠯᠳᠠᠭᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠰᠠᠭᠤᠷᠢᠰᠢᠬᠤ ᠳᠤ ᠲᠣᠬᠢᠷᠠᠮᠵᠢᠲᠠᠶ᠂ ᠪᠣᠬᠢᠷᠲᠤᠯ ᠥᠬᠡᠶ᠂ ᠤᠶᠠᠨ ᠬᠠᠲᠠᠨ᠂ ᠣᠶᠣᠨ ᠤᠬᠠᠭᠠᠨᠲᠤ᠂ ᠰᠣᠶᠣᠯ ᠢᠷᠭᠡᠨᠰᠢᠯ ᠤᠨ ᠬᠤᠲᠠ ᠶᠢ ᠪᠥᠲᠥᠭᠡᠨ ᠪᠠᠶᠢᠭᠤᠯᠬᠤ᠂ ᠬᠤᠲᠠ ᠶᠢᠨ ᠵᠠᠰᠠᠯᠲᠠ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠳᠤ᠂ ᠭᠤᠷᠪᠠᠳᠤᠭᠠᠷ ᠪᠦᠯᠦᠭ ᠲᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠬᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠠᠳᠠᠯ ᠠᠬᠤᠶ ᠶᠢᠨ ᠦᠢᠯᠡᠴᠢᠯᠡᠭᠡ ᠵᠢᠴᠢ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠵᠡᠷᠭᠡ ᠲᠠᠯ᠎ᠠ ᠪᠠᠷ᠂ ᠠᠷᠠᠳ ᠣᠯᠠᠨ ᠤ ᠨᠠᠩ ᠲᠠᠭᠠᠯᠠᠮᠵᠢᠲᠠᠶ ᠣᠷᠣᠨ ᠰᠠᠭᠤᠴᠠ ᠶᠢᠨ ᠨᠥᠬᠦᠴᠡᠯ ᠤᠨ ᠬᠡᠷᠡᠭᠴᠡᠭᠡ ᠱᠠᠭᠠᠷᠳᠠᠯᠭ᠎ᠠ ᠳᠤ ᠬᠠᠷᠢᠭᠤ ᠥᠭᠬᠦ ᠪᠠ ᠬᠠᠩᠭᠠᠬᠤ ᠪᠣᠯᠣᠨ᠎ᠠ︔ ᠳᠥᠷᠪᠡᠳᠦᠭᠡᠷ ᠪᠦᠯᠦᠭ ᠲᠤ ᠪᠠᠷᠢᠯᠭ᠎ᠠ ᠶᠢᠨ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠬᠦ᠂ ᠪᠥᠲᠥᠭᠡᠨ ᠪᠠᠶᠢᠭᠤᠯᠬᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ᠂ ᠪᠠᠷᠢᠯᠭ᠎ᠠ ᠶᠢᠨ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢ ᠠᠬᠢᠭᠤᠯᠬᠤ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠢᠯ ᠲᠥᠷᠥᠯ ᠤᠨ ᠲᠦᠪᠰᠢᠨ ᠢ ᠳᠡᠭᠡᠭᠰᠢᠯᠡᠭᠦᠯᠬᠦ᠂ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠶᠢ ᠳᠤᠷᠠᠳᠪᠠ︔ ᠲᠠᠪᠤᠳᠤᠭᠠᠷ ᠪᠦᠯᠦᠭ ᠲᠤ ᠬᠤᠲᠠ ᠬᠥᠳᠡᠭᠡ ᠶᠢᠨ ᠴᠢᠳᠠᠪᠤᠷᠢ ᠶᠢᠨ ᠲᠠᠰ ᠤᠨ ᠳᠡᠭᠡᠭᠰᠢᠯᠡᠯᠲᠡ ᠶᠢ ᠠᠬᠢᠭᠤᠯᠬᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠲᠠ ᠶᠢ ᠪᠥᠲᠥᠭᠡᠨ ᠪᠠᠶᠢᠭᠤᠯᠬᠤ᠂ ᠰᠢᠶᠠᠨ ᠤ ᠬᠤᠲᠠ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠲᠡᠤᠬᠡ ᠰᠣᠶᠣᠯ ᠤᠨ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ᠂ ᠠᠷᠠᠳ ᠣᠯᠠᠨ ᠤ ᠴᠢᠨᠠᠷ ᠰᠠᠶᠢᠲᠠᠶ ᠬᠤᠲᠠ ᠬᠥᠳᠡᠭᠡ ᠶᠢᠨ ᠰᠠᠭᠤᠷᠢᠰᠢᠬᠤ ᠳᠤ ᠲᠣᠬᠢᠷᠠᠮᠵᠢᠲᠠᠶ ᠣᠷᠴᠢᠨ ᠤ ᠱᠠᠭᠠᠷᠳᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠳᠤᠷᠠᠳᠪᠠ︔ ᠵᠢᠷᠭᠤᠳᠤᠭᠠᠷ ᠪᠦᠯᠦᠭ ᠲᠤ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ᠂ ᠰᠠᠭᠤᠷᠢᠰᠢᠯ ᠤᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ᠂ ᠬᠠᠭᠤᠴᠢᠨ ᠵᠢᠵᠢᠭ ᠬᠤᠷᠢᠶᠠᠯᠠᠯ ᠤᠨ ᠥᠭᠡᠷᠡᠴᠢᠯᠡᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠵᠡᠷᠭᠡ ᠪᠠᠷ ᠭᠠᠷᠳᠠᠴᠠ ᠪᠣᠯᠭᠠᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠳᠤᠷᠠᠳᠪᠠ︔ ᠳᠣᠯᠣᠳᠤᠭᠠᠷ ᠪᠦᠯᠦᠭ ᠲᠤ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠰᠢᠰᠲ᠋ᠧᠮᠵᠢᠭᠦᠯᠬᠦ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ᠂ ᠬᠠᠶᠢᠮᠢᠶᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠰᠢᠰᠲ᠋ᠧᠮᠵᠢᠭᠦᠯᠦᠨ ᠠᠬᠢᠭᠤᠯᠬᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠪᠠ ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠪᠠᠲᠤᠯᠠᠬᠤ᠂ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠬᠤ᠂ ᠬᠤᠲᠠ ᠪᠠᠯᠭᠠᠰᠤᠨ ᠤ ᠥᠨᠳᠥᠷ ᠪᠦᠲᠦᠮᠵᠢᠲᠡᠢ ᠲᠦᠷᠭᠡᠨ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠠᠢ︔ ᠨᠠᠢᠮᠠᠳᠤᠭᠠᠷ ᠪᠦᠯᠦᠭ ᠲᠤ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠠᠷᠢᠮᠵᠢᠶᠠᠵᠢᠭᠤᠯᠤᠭᠰᠠᠨ ᠬᠤᠳᠠ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠬᠤᠳᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠶᠢ ᠠᠬᠢᠭᠤᠯᠬᠤ᠂ ᠬᠤᠳᠠ ᠶᠢᠨ ᠬᠠᠮᠢᠶᠠᠷᠤᠯᠲᠠ ᠶᠢᠨ ᠬᠠᠤᠯᠢᠵᠢᠯ ᠢ ᠠᠬᠢᠭᠤᠯᠬᠤ ᠂ ᠬᠤᠳᠠ ᠶᠢᠨ ᠬᠠᠮᠢᠶᠠᠷᠤᠯᠲᠠ ᠶᠢᠨ ᠪᠠᠲᠤᠯᠠᠭ᠎ᠠ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠪᠦᠷᠢᠨᠰᠢᠬᠦᠯᠬᠦ ᠶᠢ ᠪᠠᠶᠢᠷᠢᠯᠠᠭᠤᠯᠵᠤ᠂ ᠬᠤᠳᠠ ᠶᠢᠨ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠶᠢ ᠳᠤᠷᠠᠳᠪᠠ︔ ᠶᠢᠰᠦᠳᠦᠭᠡᠷ ᠪᠦᠯᠦᠭ ᠲᠤ ᠲᠣᠭᠠᠴᠢᠯᠠᠭᠰᠠᠨ ᠲᠠᠪᠴᠠᠩ ᠤᠨ ᠪᠦᠬᠦ ᠲᠠᠯ᠎ᠠ ᠪᠠᠷ ᠠᠭᠤᠰᠤᠯᠴᠠᠬᠤ ᠶᠢ ᠠᠬᠢᠭᠤᠯᠬᠤ᠂ ᠲᠣᠭᠠᠴᠢᠯᠠᠭᠰᠠᠨ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢ ᠥᠷᠭᠡᠳᠬᠡᠬᠦ᠂ ᠰᠦᠯᠵᠢᠶᠡᠨ ᠤ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠲᠤᠯᠭᠠᠭᠤᠷᠢᠯᠠᠯ ᠪᠣᠯᠭᠠᠵᠤ᠂ ︽ᠲᠣᠭᠠᠴᠢᠯᠠᠭᠰᠠᠨ ᠣᠷᠣᠨ ᠰᠠᠭᠤᠴᠠ ᠶᠢᠨ ᠪᠠᠶᠢᠭᠤᠯᠤᠯᠲᠠ︾ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢ ᠳᠤᠷᠠᠳᠪᠠ᠃      ᠭᠤᠷᠪᠠᠳᠤᠭᠠᠷ ᠬᠡᠰᠡᠭ ᠨᠢ ᠠᠷᠪᠠᠳᠤᠭᠠᠷ ᠪᠦᠯᠦᠭ ᠪᠣᠯᠤᠨ᠎ᠠ᠂ ᠭᠤᠣᠯᠳᠠᠭᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠬᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠲᠤᠪᠤᠶᠢᠯᠭᠠᠬᠤ᠂ ᠲᠥᠯᠥᠪᠵᠢᠭᠦᠯᠭᠡ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃      ᠲᠥᠯᠥᠪᠵᠢᠭᠦᠯᠭᠡ ᠶᠢᠨ ᠲᠤᠯᠭᠠᠭᠤᠷᠢᠯᠠᠬᠤ ᠴᠢᠨᠠᠷ ᠪᠠ ᠬᠥᠲᠥᠯᠥᠨ ᠳᠠᠭᠠᠭᠤᠯᠬᠤ ᠴᠢᠨᠠᠷ ᠢ ᠲᠤᠪᠤᠶᠢᠯᠭᠠᠬᠤ ᠶᠢᠨ ᠲᠤᠰᠠᠳᠠ᠂ ︽ᠲᠥᠯᠥᠪᠵᠢᠭᠦᠯᠭᠡ︾ ᠳᠤ ᠨᠡᠶᠢᠳᠡ 4 ᠶᠡᠭᠡ ᠲᠦᠷᠦᠯ ᠨᠡᠶᠢᠳᠡ 33 ᠵᠦᠢᠯ ᠤᠨ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠲᠣᠭᠲᠠᠭᠠᠪᠠ᠂ ᠡᠭᠦᠨ ᠳᠤ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ 27 ᠵᠦᠢᠯ᠂ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ 6 ᠵᠦᠢᠯ ᠪᠠᠶᠢᠬᠤ ᠪᠥᠭᠡᠳ ᠡᠭᠦᠷᠭᠡ ᠶᠢᠨ ᠲᠤᠰᠬᠠᠶ ᠪᠤᠯᠤᠩ 11 ᠲᠣᠬᠢᠷᠠᠭᠤᠯᠵᠠᠶ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1