ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2021/10/24
      10 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ ᠮᠠᠨ ᠤ ᠰᠢᠶᠠᠨ ᠤ ᠡᠮᠨᠡᠯᠭᠡ ᠶᠢᠨ ᠬᠤᠷᠢᠶ᠎ᠠ᠂ ᠫᠢᠩ ᠠᠨ ᠨᠡᠶᠢᠭᠡᠮ ᠲᠣᠭᠤᠷᠢᠭ᠂ ᠸᠠᠨ ᠰᠢᠩ ᠲᠠᠯᠠᠪᠠᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠵᠢᠴᠢ ᠬᠡᠰᠡᠭ ᠡᠮ ᠤᠨ ᠳᠡᠯᠭᠡᠭᠦᠷ᠂ ᠬᠤᠳᠠᠯᠳᠤᠭᠠᠨ ᠤ ᠲᠠᠯᠠᠪᠠᠢ᠂ ᠰᠢᠨ᠎ᠡ ᠪᠠᠷ ᠢᠯᠡᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠠᠩᠬᠠᠷᠴᠤ᠂ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠬᠠᠮᠤᠭ ᠤᠨ ᠴᠢᠩᠭ᠎ᠠ ᠬᠠᠮᠤᠭ ᠤᠨ ᠪᠣᠳᠠᠲᠠᠶ ᠬᠠᠮᠤᠭ ᠤᠨ ᠨᠠᠷᠢᠯᠢᠭ ᠠᠷᠭ᠎ᠠ ᠬᠡᠮᠵᠢᠶ᠎ᠡ ᠪᠠᠷ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
     ᠲᠠᠩ ᠶᠦᠩ ᠴᠢᠬᠤᠯᠠᠴᠢᠯᠠᠭᠰᠠᠨ ᠨᠢ᠂  ᠲᠤᠭᠳᠠᠬᠤ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ  ᠭᠦᠢᠴᠡᠳᠭᠡᠬᠦ ᠶᠢ ᠪᠠᠷᠢᠮᠲᠠᠯᠠᠵᠤ᠂ ︽ᠭᠠᠳᠠᠨ᠎ᠠ ᠠᠴᠠ ᠤᠷᠤᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠰᠡᠵᠢᠭ ᠲᠠᠢ ᠡᠪᠡᠳᠴᠢᠨ ᠤ ᠵᠢᠱᠢᠶ᠎ᠡ ᠲᠠᠢ ᠨᠢᠭᠲᠠ ᠶᠠᠪᠤᠯᠴᠠᠭ᠎ᠠ ᠲᠠᠢ᠂ ᠳᠡᠳ᠋ ᠨᠢᠭᠲᠠ ᠶᠠᠪᠤᠯᠴᠠᠭ᠎ᠠ ᠲᠠᠢ ᠬᠦᠮᠦᠰ ᠢ ᠵᠢᠭᠰᠠᠭᠠᠨ ᠪᠠᠶᠢᠴᠠᠭᠠᠵᠤ ᠮᠥᠷᠳᠡᠬᠦ ᠪᠠ ᠲᠤᠰᠠᠭᠠᠷᠯᠠᠨ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠵᠦ᠂ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠤᠯᠪᠣᠭᠳᠠᠯ ᠪᠥᠬᠦᠶ ᠭᠠᠵᠠᠷ ᠣᠷᠣᠨ ᠤ ᠡᠮᠨᠡᠯᠭᠡ ᠶᠢᠨ ᠬᠤᠷᠢᠶ᠎ᠠ ᠶᠢᠨ ᠰᠡᠷᠭᠡᠶᠢᠯᠡᠨ ᠡᠵᠡᠮᠳᠡᠬᠦ ᠰᠤᠷᠭᠠᠮᠵᠢ ᠶᠢ ᠭᠦᠨᠵᠡᠭᠡᠶ ᠭᠥᠯᠢᠶᠡᠨ ᠠᠪᠴᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠠᠩᠬ᠎ᠠ ᠣᠨᠣᠰᠢᠯᠠᠬᠤ ᠶᠢ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠪᠠ ᠣᠨᠣᠰᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶ᠎ᠠ ᠶᠢᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠬᠢᠨᠠᠨ ᠬᠡᠮᠵᠢᠬᠦ ᠶᠢ ᠪᠠᠷᠢᠮᠲᠠᠯᠠᠵᠤ᠂ ᠪᠣᠶ ᠪᠥᠬᠦᠶ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠲᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠭᠠᠳᠠᠭᠠᠳᠤ ᠠᠴᠠ ᠣᠷᠣᠭᠤᠯᠤᠭᠰᠠᠨ ᠭᠦᠢᠳᠡᠨ ᠬᠡᠯᠬᠢᠶᠡᠲᠦ ᠢᠳᠡᠭᠡᠨ ᠤ ︽ᠪᠥᠭᠡᠮ ᠬᠦᠴᠢᠯ ᠪᠠᠶᠢᠴᠠᠭᠠᠬᠤ︾ ᠪᠠ ᠠᠵᠢᠯᠯᠠᠵᠤ ᠪᠠᠶᠢᠭ᠎ᠠ ᠬᠥᠮᠦᠰ ᠵᠢᠴᠢ ᠣᠷᠴᠢᠨ ᠲᠣᠭᠤᠷᠢᠨ ᠤ ︽ᠭᠠᠷᠠᠭ ᠪᠦᠷᠢ ᠶᠢᠨ ᠪᠠᠶᠢᠴᠠᠭᠠᠯᠲᠠ︾ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠯᠳᠠ ᠬᠠᠯᠳᠠᠪᠤᠷᠢᠯᠠᠭᠰᠠᠳ ᠪᠠ ᠲᠦᠭᠰᠢᠭᠦᠷᠢ ᠶᠢᠨ ᠢᠷᠡᠯᠲᠡ ᠶᠢ ᠴᠠᠭ ᠲᠤᠬᠠᠶ ᠳᠤᠨᠢ ᠨᠠᠷᠢᠯᠢᠭ ᠣᠨᠣᠴᠠᠲᠠᠶ ᠪᠠᠷ ᠢᠯᠡᠷᠡᠭᠦᠯᠬᠦ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯᠳᠤᠭᠠᠨ ᠤ ᠳᠡᠯᠭᠡᠭᠦᠷ᠂ ᠬᠡᠲᠦ ᠳᠡᠯᠭᠡᠭᠦᠷ᠂ ᠪᠠᠭᠤᠳᠠᠯ ᠤᠨ ᠢᠳᠡᠭᠡᠨ ᠤᠮᠳᠠᠭᠠᠨ᠂ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ ᠵᠡᠷᠭᠡ ᠲᠠᠯᠠᠪᠤᠷ ᠭᠠᠵᠠᠷ ᠨᠢ ᠡᠳᠦᠷ ᠲᠤᠲᠤᠮ ᠤᠨ ᠠᠷᠢᠭᠤᠳᠬᠠᠬᠤ ᠂ ᠠᠮᠠᠪᠴᠢ ᠵᠡᠭᠦᠬᠦ᠂ ᠺᠣᠳ᠋ ᠰᠢᠷᠪᠢᠬᠦ᠂ ᠳᠤᠯᠠᠭᠠᠨ ᠤ ᠬᠡᠮᠵᠢᠶ᠎ᠡ ᠶᠢ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃      ᠲᠠᠩ ᠶᠦᠩ ᠴᠢᠬᠤᠯᠠᠴᠢᠯᠠᠭᠰᠠᠨ ᠨᠢ᠂ ︽ᠲᠣᠤᠷᠵᠢᠭᠤᠯᠤᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ ᠦᠢᠯᠡᠴᠢᠯᠡᠭᠡ︾ ᠶᠢᠨ ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ ᠨᠢᠭᠡ ᠮᠧᠲᠷ ᠤᠨ ᠱᠤᠭᠤᠮ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠ ᠰᠠᠨᠠᠭᠠᠴᠢᠯᠠᠭ᠎ᠠ ᠠᠴᠠ ᠪᠠᠨ ᠡᠪᠡᠳᠴᠢᠨ ᠦᠵᠡᠭᠦᠯᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠲᠤᠰᠠᠭᠠᠷᠯᠠᠬᠤ ᠲᠠᠯᠠᠪᠤᠷ ᠭᠠᠵᠠᠷ᠂ ᠰᠡᠷᠭᠡᠶᠢᠯᠡᠨ ᠡᠵᠡᠮᠳᠡᠬᠦ ᠡᠳ᠋ ᠪᠣᠳᠠᠰ᠂ ᠡᠮ ᠡᠮᠨᠡᠯᠭᠡ ᠶᠢᠨ ᠬᠡᠷᠡᠭᠰᠡᠯ᠂ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠨᠥᠭᠡᠴᠡᠯᠡᠯᠲᠡ ᠶᠢ ᠬᠢᠨᠠᠮᠠᠭᠠᠶ ᠰᠠᠶᠢᠲᠤᠷ ᠬᠢᠵᠦ᠂ ᠨᠢᠭᠡᠳᠦᠭᠡᠷ ᠹᠷᠣᠨᠲ ᠤᠨ ᠰᠡᠷᠭᠡᠶᠢᠯᠡᠨ ᠡᠵᠡᠮᠳᠡᠬᠦ ᠠᠵᠢᠯᠳᠠᠨ ᠤ ᠠᠵᠢᠯ ᠤᠨ ᠬᠢᠷᠢ ᠬᠡᠮᠵᠢᠶ᠎ᠡ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠵᠦ᠂ ᠠᠷᠠᠳ ᠤᠯᠠᠨ ᠤ ᠡᠷᠡᠭᠦᠯ ᠮᠡᠨᠳᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ ᠭᠡᠪᠡ᠃      ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠭᠤᠤ ᠵᠧᠩ᠂ ᠰᠦᠨ ᠬᠠᠢ ᠱᠧᠩ᠂ ᠵᠢᠢ ᠶᠠ ᠨᠠᠨ᠂ ᠶᠠᠩ ᠶᠢᠨ᠂ ᠷᠧᠨ ᠷᠦᠢ᠂ ᠵᠠᠩ ᠵᠧᠨ ᠬᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1