ᠮᠠᠨ ᠤ ᠰᠢᠶᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/24
      10 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠤᠤ ᠵᠧᠩ ᠵᠢᠯᠣᠭᠤᠳᠬᠤ ᠭᠠᠵᠠᠷ ᠤᠨ ᠠᠵᠢᠯ ᠤᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠪᠦᠬᠦ ᠰᠢᠶᠠᠨ ᠢᠶᠠᠷ ᠢᠶᠠᠨ ᠣᠳᠣᠬᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠪᠠᠶᠢᠳᠠᠯ ᠢ ᠭᠦᠨᠵᠡᠭᠡᠢ ᠲᠠᠨᠢᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠨᠠᠷᠢᠨ ᠬᠢᠨᠠᠮᠠᠭᠠᠢ ᠪᠣᠳᠣᠯᠬᠢᠯᠠᠵᠤ᠂ ᠰᠡᠷᠭᠡᠶᠢᠯᠡᠨ ᠡᠵᠡᠮᠳᠡᠬᠦ ᠲᠣᠣᠷ ᠢ ᠲᠦᠷᠭᠡᠨ ᠪᠥᠭᠡᠳ ᠨᠢᠭᠲᠠ ᠰᠦᠯᠵᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠳᠬᠤᠵᠤ᠂ ᠳᠡᠭᠡᠳᠦ ᠬᠤᠷᠳᠤᠴᠠᠲᠤ ᠵᠠᠰᠠᠮᠠᠯ ᠵᠠᠮ᠂ ᠤᠯᠤᠰ ᠤᠨ ᠵᠠᠰᠠᠮᠠᠯ ᠵᠠᠮ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠭᠠᠵᠠᠷ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠠᠳᠠᠨ᠎ᠠ ᠠᠴᠠ ᠤᠷᠤᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠨᠢ ᠬᠠᠮᠢᠶᠠᠷᠤᠨ ᠡᠵᠡᠮᠳᠡᠬᠦ ︽ᠨᠢᠭᠡᠳᠦᠭᠡᠷ ᠹᠷᠣᠨᠲ ᠤᠨ ᠬᠠᠷᠢᠭᠤᠴᠠᠯᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ᠵᠢᠷᠤᠮᠵᠢᠭᠰᠠᠨ ᠴᠤᠪᠤᠷᠠᠯ ᠤᠨ ᠶᠣᠰᠣᠭᠠᠷ ᠮᠡᠳᠡᠭᠡ ᠵᠠᠩᠭᠢ ᠶᠢ ᠳᠠᠩᠰᠠᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠵᠢᠯᠯᠠᠭᠠᠨ ᠤ ᠵᠠᠮ ᠮᠥᠷ ᠢ ᠡᠵᠡᠮᠳᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠲᠤᠰᠠᠭᠠᠷᠯᠠᠨ ᠠᠵᠢᠭᠯᠠᠬᠤ ᠵᠡᠷᠭᠡ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠵᠢᠭᠰᠠᠭᠠᠬᠤ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠵᠢᠭᠰᠠᠭᠠᠨ ᠪᠠᠶᠢᠴᠠᠭᠠᠵᠦ᠂ ᠡᠵᠡᠮᠳᠡᠬᠦ ᠶᠣᠰᠣᠲᠠᠶ ᠶᠢ ᠨᠢ ᠪᠦᠬᠦᠨ ᠢ  ᠡᠵᠡᠮᠳᠡᠵᠦ᠂ ᠲᠤᠰᠬᠠᠷᠯᠠᠬᠤ ᠶᠣᠰᠣᠲᠠᠶ ᠶᠢ ᠨᠢ ᠪᠦᠬᠦᠨ ᠢ ᠲᠤᠰᠬᠠᠷᠯᠠᠬᠤ ᠶᠢ ᠪᠡᠶᠡᠯᠡᠭᠦᠯᠬᠦ ᠬᠡᠷᠡᠭᠲᠡᠶ᠃ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠬᠥᠮᠦᠰ᠂ ᠡᠳ᠋ ᠪᠣᠳᠠᠰ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠵᠡᠷᠭᠡ ᠶᠢᠨ ᠲᠣᠭᠤᠷᠢᠨ ᠳᠤ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ᠂ ᠬᠥᠮᠦᠰ ᠢ ᠲᠤᠰᠠᠭᠠᠷᠯᠠᠬᠤ ᠴᠢᠳᠠᠪᠤᠷᠢ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠠᠵᠢᠯᠯᠠᠭᠠᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠡᠯ᠎ᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢᠨ ᠬᠦᠴᠦᠲᠡᠶ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠠᠶᠢᠨ ᠴᠠᠭ ᠲᠣᠬᠢᠶᠠᠯ ᠢ ᠦᠨᠡᠨ ᠬᠦ ᠰᠠᠶᠢᠲᠤᠷ ᠡᠵᠡᠮᠳᠡᠵᠦ᠂ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠤᠯᠠᠨ ᠲᠦᠮᠡᠨ ᠢ ᠤᠬᠠᠭᠤᠯᠤᠨ ᠬᠦᠳᠦᠯᠦᠨ ᠵᠢᠯᠣᠭᠤᠳᠴᠤ ᠪᠠᠶᠢᠭᠠᠳ ᠭᠠᠳᠠᠭᠰᠢ ᠭᠠᠷᠬᠤ ᠳᠤ ᠠᠮᠠᠪᠴᠢ ᠵᠡᠭᠦᠬᠦ ᠶᠢ ᠪᠠᠷᠢᠮᠲᠠᠯᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂ ᠴᠥᠭᠡᠨ ᠴᠤᠭᠯᠠᠷᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᠭᠤᠤ ᠬᠠᠨ᠂ ᠶᠠᠩ ᠶᠢᠨ᠂ ᠷᠧᠨ ᠷᠦᠢ᠂ ᠵᠠᠩ ᠵᠧᠨ ᠬᠠᠢ᠂ ᠰᠢᠶᠧ ᠴᠦᠨ ᠯᠦᠩ᠂ ᠠᠵᠤ ᠦᠢᠯᠡᠳᠪᠦᠷᠢ ᠶᠢᠨ  ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1