ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 12 ᠳ᠋ᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/24
      10 ᠳ᠋ᠤᠭᠠᠷ ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 12 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 1 ᠠᠴᠠ 9ᠳ᠋ᠤᠭᠡᠷ ᠰᠠᠷ᠎ᠠ ᠶᠢᠨ ᠪᠦᠬᠦ ᠰᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠨᠠᠮ ᠤᠨ ᠠᠵᠢᠯ ᠢ ᠢᠯᠡ ᠪᠣᠯᠭᠠᠬᠤ ᠪᠠ ᠳᠦᠷᠢᠮ ᠤᠨ ᠪᠠᠶᠢᠭᠤᠯᠤᠯᠲᠠ ᠶᠢᠨ ᠲᠤᠰᠬᠠᠶ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ᠂ ︽ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠠᠷᠪᠠᠨ ᠬᠤᠶᠠᠷ  ᠵᠦᠢᠯ ᠤᠨ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ︽2019 — 2023 ᠣᠨ ᠤ ᠪᠥᠬᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠵᠢ ᠪᠥᠷᠢᠳᠦᠭᠰᠡᠨ ︽ᠠᠷᠭ᠎ᠠ ᠬᠡᠮᠵᠢᠶ᠎ᠡ ᠨᠦᠭᠦᠳ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠪᠠ 2020 ᠣᠨ ᠤ ᠬᠥᠬᠡᠬᠤᠲᠠ ᠶᠢᠨ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠦᠨᠡᠯᠡᠯᠲᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠪᠠ᠃ ︽ᠲᠣᠭᠲᠠᠬᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠭᠠᠵᠠᠷ ᠤᠨ ᠭᠠᠳᠠᠷᠭᠤ ᠶᠢᠨ ᠤᠰᠤᠨ ᠤ ᠣᠷᠴᠢᠨ ᠲᠣᠭᠤᠷᠢᠨ ᠤ ᠠᠰᠠᠭᠤᠳᠠᠯ ᠢ ᠲᠤᠰᠬᠠᠶ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠰᠤᠳᠤᠯᠤᠨ ᠶᠠᠷᠢᠯᠴᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠷ ᠲᠡᠷᠢᠭᠦᠨ ᠴᠢᠬᠤᠯᠠ ᠤᠯᠤᠰ ᠲᠦᠷᠦ ᠶᠢᠨ ᠱᠠᠭᠠᠷᠳᠠᠯᠭ᠎ᠠ ᠪᠠ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠳᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ 2020 ᠣᠨ ᠤ ᠬᠥᠬᠡᠬᠤᠲᠠ ᠶᠢᠨ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠬᠢᠬᠦ ᠬᠤᠷᠠᠯ ᠳᠡᠭᠡᠷ᠎ᠡ᠂ ᠮᠠᠨ ᠤ ᠰᠢᠶᠠᠨ ᠳᠤ ᠵᠢᠭᠠᠵᠤ ᠭᠠᠷᠭᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ ᠳᠠᠷᠤᠮᠠᠯᠯᠠᠨ ᠲᠠᠷᠬᠠᠭᠠᠭᠰᠠᠨ ᠴᠡᠭᠴᠡᠯᠡᠨ ᠰᠠᠶᠢᠵᠢᠷᠠᠭᠤᠯᠬᠤ ᠲᠥᠰᠦᠯ ᠲᠠᠢ ᠬᠠᠷᠢᠴᠠᠭᠤᠯᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ ᠪᠣᠯᠤᠨ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠳᠣᠷᠬᠠᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠲᠤᠤᠱᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨᠬᠦ ᠪᠠᠶᠠᠨ ᠴᠢᠨᠡᠭᠡᠯᠢᠭ᠂ ᠪᠦᠯᠬᠦᠮᠳᠡᠯ ᠲᠠᠢ᠂ ᠠᠮᠦᠷ ᠲᠤᠭᠳᠠᠭᠤᠨ ᠤ ᠪᠠᠶᠢᠭᠤᠯᠤᠯᠳᠠ ᠶᠢ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠠᠬᠢᠭᠤᠯᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠤᠨᠢᠨ ᠳᠡᠭᠡᠷ᠎ᠡ ᠨᠢ ᠰᠠᠶᠢᠲᠤᠷ ᠠᠰᠢᠭᠯᠠᠵᠤ᠂ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠭᠠᠵᠠᠷ ᠤᠨ ᠭᠠᠳᠠᠷᠭᠤ ᠶᠢᠨ ᠤᠰᠤᠨ ᠤ ᠣᠷᠴᠢᠨ ᠲᠣᠭᠤᠷᠢᠨ ᠤ ᠠᠰᠠᠭᠤᠳᠠᠯ ᠤᠨ ᠲᠤᠬᠠᠶ ᠲᠤᠰᠬᠠᠶ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠬᠦᠰᠡᠬᠦ ᠪᠤᠳᠤᠯ ᠢ ᠡᠷᠡᠰ ᠲᠡᠪᠴᠢᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ︽ᠭᠠᠳᠠᠨ᠎ᠠ ᠠᠴᠠ  ᠤᠷᠤᠵᠦ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ᠪᠦᠬᠦᠨ ᠢ ᠪᠦᠷᠬᠦᠭᠰᠡᠨ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠥᠨᠴᠥᠭ ᠪᠤᠯᠤᠩ ᠦᠭᠡᠢ ᠶᠡᠬᠡᠪᠡᠷ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃      ᠰᠢᠶᠠᠨ ᠤ ᠤᠳᠤᠷᠢᠳᠤᠯᠭ᠎ᠠ ᠭᠤᠤ ᠵᠧᠩ᠂ ᠶᠦᠨ ᠷᠦᠢ ᠵᠢᠶᠦ᠋ᠨ᠂ ᠸᠠᠩ ᠮᠢᠩ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ  ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1