ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 16 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/24
      10 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 16 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠰᠡᠷᠭᠡᠭ ᠢᠶᠠᠷ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ ᠂ ᠦᠵᠡᠯ ᠰᠠᠨᠠᠭ᠎ᠠ ᠪᠠ ᠪᠣᠳᠠᠲᠤ ᠠᠵᠢᠯᠯᠠᠭ᠎ᠠ ᠪᠠᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠡᠭᠡᠷ᠎ᠡ ᠦᠨᠡᠨᠬᠦ ᠨᠢᠭᠡᠳᠬᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠬᠡᠯᠬᠢᠶ᠎ᠡ ᠶᠢ ᠴᠢᠩᠭ᠎ᠠ ᠬᠤᠯᠪᠣᠵᠤ᠂ ᠰᠢᠨᠵᠢᠯᠡᠬᠦ ᠤᠬᠠᠭᠠᠨᠴᠢ ᠵᠢᠮ᠎ᠡ ᠶᠣᠰᠣ ᠶᠢ ᠬᠦᠨᠳᠦᠳᠬᠡᠵᠦ᠂ ᠤᠨᠢᠨ ᠳᠡᠭᠡᠷ᠎ᠡ ᠨᠢ ᠨᠠᠷᠢᠯᠢᠭ ᠰᠤᠳᠤᠯᠤᠨ ᠮᠠᠭᠠᠳᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠤᠨᠤᠴᠠᠳᠠᠢ᠂ ᠪᠣᠳᠠᠲᠠᠢ᠂ ᠲᠦᠷᠭᠡᠨ᠂ ᠴᠢᠩᠭ᠎ᠠ᠂ ᠨᠠᠷᠢᠯᠢᠭ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠲᠠᠷᠬᠠᠯᠲᠠ ᠶᠢ ᠬᠠᠮᠤᠭ ᠤᠨ ᠣᠬᠤᠷ ᠬᠤᠭᠤᠴᠠᠭᠠᠨ ᠳᠤ ᠲᠠᠰᠤᠯᠬᠤ ᠪᠠᠷ ᠴᠢᠷᠮᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠪᠥᠬᠦ ᠲᠠᠯ᠎ᠠ ᠪᠠᠷ ᠡᠬᠢᠯᠡᠭᠦᠯᠵᠦ᠂ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠠᠵᠢᠯ ᠢᠶᠠᠨ ᠪᠥᠬᠦ ᠲᠠᠯ᠎ᠠ ᠪᠠᠷ ᠥᠷᠨᠢᠭᠦᠯᠵᠦ᠂ ᠱᠠᠲᠤ ᠳᠠᠷᠠᠭᠠᠯᠠᠨ ᠪᠠᠶᠢᠷᠢᠯᠠᠭᠤᠯᠤᠨ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠰᠦᠯᠵᠢᠶᠡᠨ ᠤ ᠠᠵᠢᠯᠲᠠᠨ᠂ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠨ ᠵᠡᠷᠭᠡ ᠦᠨᠳᠦᠰᠦᠨ ᠱᠠᠲᠤᠨ ᠤ ᠠᠵᠢᠯᠲᠠᠨ ᠳᠤ ᠪᠦᠬᠦᠨ ᠢ ᠪᠣᠳᠠᠲᠠᠶᠢᠵᠢᠭᠤᠯᠵᠤ᠂ ᠳᠡᠭᠡᠷ᠎ᠡ ᠠᠴᠠ ᠳᠣᠷᠣᠭᠰᠢ ᠳᠠᠷᠤᠶ ᠲᠦᠷᠭᠡᠨ ᠬᠥᠳᠡᠯᠦᠯᠴᠡᠬᠦ ᠬᠡᠷᠡᠭᠲᠡᠶ᠃ ᠸᠢᠷᠦ᠋ᠰ ᠤᠨ ᠬᠠᠯᠳᠠᠪᠤᠷᠢᠯᠠᠨ ᠲᠠᠷᠬᠠᠬᠤ ᠵᠠᠮ ᠮᠥᠷ ᠢ ᠦᠳᠲᠡᠷ ᠲᠦᠷᠭᠡᠨ ᠨᠡᠶᠢᠲᠡᠯᠡᠵᠦ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ᠂ ᠡᠮ ᠤᠨ ᠳᠡᠯᠭᠡᠭᠦᠷ᠂ ᠡᠮᠨᠡᠬᠦ ᠭᠠᠵᠠᠷ ᠵᠡᠷᠭᠡ ᠡᠯ᠎ᠡ ᠲᠥᠷᠥᠯ ᠤᠨ ︽ᠬᠠᠷᠠᠭᠤᠯ ᠤᠨ ᠭᠠᠵᠠᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠭᠤᠤᠯᠳᠠᠯᠭ᠎ᠠ ᠲᠠᠢ ᠬᠥᠮᠦᠰ ᠢ ᠴᠠᠭ ᠲᠤᠬᠠᠶ ᠳᠤᠨᠢ ᠬᠠᠮᠢᠶᠠᠷᠤᠨ ᠡᠵᠡᠮᠳᠡᠬᠦ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
     ᠬᠤᠷᠠᠯ ᠠᠴᠠ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠤᠷᠭᠠᠭᠤᠯᠢ᠂ ᠬᠤᠳᠠᠯᠳᠤᠭᠠᠨ ᠤ ᠲᠠᠯᠠᠪᠤᠷ᠂ ᠬᠡᠳᠦ ᠳᠡᠯᠭᠡᠭᠦᠷ᠂ ᠢᠳᠡᠭᠡᠨ ᠤᠮᠳᠠᠭᠠᠨ ᠵᠤᠭ᠎ᠠ ᠴᠡᠩᠭᠡᠯ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠬᠥᠮᠦᠨ ᠤᠯᠠᠨ ᠴᠤᠭᠯᠠᠷᠠᠳᠠᠭ ᠲᠠᠯᠠᠪᠤᠷ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ︔ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠡᠷᠭᠢᠯᠡᠭᠰᠡᠳ ᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠭᠤᠤᠯᠳᠠᠯᠭ᠎ᠠ ᠲᠠᠢ ᠡᠳ᠋ ᠪᠠᠷᠠᠭ᠎ᠠ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ︽ᠪᠥᠭᠡᠮ ᠬᠦᠴᠢᠯ ᠤᠨ ᠪᠠᠶᠢᠴᠠᠭᠠᠬᠤ︾ ︽ᠭᠠᠷᠠᠭ ᠪᠦᠷᠢ ᠪᠠᠶᠢᠴᠠᠭᠠᠬᠤ︾ ᠵᠡᠷᠭᠡ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠠᠭᠠᠷᠯᠠᠬᠤ ᠴᠢᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢ ᠲᠦᠷᠭᠡᠳᠬᠡᠵᠦ᠂ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠤᠳᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠠᠪᠠᠯ ᠭᠠᠳᠠᠭᠰᠢ ᠭᠠᠷᠬᠤ ᠦᠭᠡᠢ᠂ ᠵᠠᠪᠠᠯ ᠴᠤᠭᠯᠠᠷᠠᠬᠤ ᠦᠭᠡᠢ᠂ ᠵᠠᠪᠠᠯ ᠲᠤᠮᠤ ᠬᠡᠯᠪᠡᠷᠢ ᠶᠢᠨ ᠠᠵᠢᠯᠯᠠᠭ᠎ᠠ ᠥᠷᠨᠢᠭᠦᠯᠬᠦ ᠦᠭᠡᠢ ᠪᠠᠶᠢᠯᠭᠠᠬᠤ ᠶᠢᠨ ᠬᠠᠮᠲᠤ ᠡᠯ᠎ᠡ ᠵᠦᠢᠯ ᠤᠨ ᠬᠤᠳᠠᠯ ᠬᠠᠭᠤᠷᠮᠠᠭ᠂ ᠪᠤᠷᠤᠭᠤ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠢᠶᠠᠷᠤᠨ ᠡᠵᠡᠮᠳᠡᠵᠦ᠂ ᠨᠠᠵᠠᠭᠠᠶ ᠲᠠᠯ᠎ᠠ ᠶᠢᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠨᠡᠶᠢᠲᠡᠯᠡᠵᠦ᠂ ᠮᠠᠭᠤ ᠨᠥᠯᠥᠭᠡ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠬᠢᠨ ᠲᠤᠰ ᠲᠤᠰ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠠᠵᠢᠯ ᠤᠨ ᠬᠡᠷᠡᠭᠵᠢᠭᠦᠯᠬᠦ ᠲᠥᠰᠦᠯ ᠢᠶᠠᠨ ᠲᠦᠷᠭᠡᠨ ᠲᠣᠭᠲᠠᠭᠠᠬᠤ ᠬᠡᠷᠡᠭᠲᠡᠢ︔ ᠬᠥᠨᠳᠡᠯᠡᠨ ᠢᠶᠠᠷ ᠨᠡᠪᠲᠡᠷᠡᠯᠴᠡᠬᠦ᠂ ᠭᠤᠯᠳᠤ ᠪᠠᠷ ᠵᠣᠯᠭᠠᠭᠤᠯᠬᠤ ᠶᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠨᠡᠪᠲᠡᠷᠡᠯᠴᠡᠭᠡ᠂ ᠠᠷᠭ᠎ᠠ ᠬᠡᠮᠵᠢᠶ᠎ᠡ ᠶᠢᠨ ᠦᠢᠯᠡᠳᠦᠯᠴᠡᠯ ᠢ ᠴᠢᠩᠭᠠᠳᠬᠠᠬᠤ ᠬᠡᠷᠡᠭᠲᠡᠢ᠃ ᠴᠢᠩᠭ᠎ᠠ ᠰᠢᠮᠳᠠᠭᠤᠯᠤᠨ ᠪᠠᠶᠢᠴᠠᠭᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭᠠᠷᠠᠭᠤᠯᠤᠨ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠪᠠ ᠮᠡᠳᠡᠭᠦᠯᠬᠦ ᠥᠬᠡᠶ ᠨᠢᠭᠤᠬᠤ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ ᠶᠢ ᠴᠢᠩᠭ᠎ᠠ ᠴᠠᠭᠠᠵᠠᠯᠠᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠢᠯᠡ ᠲᠣᠳᠣ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠭᠤᠤ ᠵᠧᠩ᠂ ᠶᠦᠨ ᠷᠦᠢ ᠵᠢᠶᠦ᠋ᠨ᠂ ᠸᠠᠩ ᠮᠢᠩ ᠵᠡᠷᠭᠡ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1