ᠲᠣᠭᠲᠠᠬᠤ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠢ ᠠᠷᠭᠠᠴᠠᠬᠤ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/10/24
ᠲᠣᠭᠲᠠᠬᠤ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠢ ᠠᠷᠭᠠᠴᠠᠬᠤ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠯᠪᠠᠨ ᠵᠠᠷ      ﹇2021﹈ ᠣᠨ ᠤ 41  ᠳ᠋ᠤᠭᠡᠷ︶          ᠣᠳᠣᠬᠠᠨ ᠳᠤ ᠬᠢᠵᠢᠭ ᠤᠨ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ 2021 ᠣᠨ ᠤ 10 ᠳ᠋ᠤᠭᠠᠷ ᠰᠠᠷ᠎ᠠ ᠶᠢᠨ 22 ᠠᠴᠠ 23 ᠤ ᠡᠳᠦᠷ ᠪᠣᠯᠲᠠᠯ᠎ᠠ᠂ ᠬᠥᠬᠡᠬᠤᠲᠠ ᠤᠷᠢᠳ ᠬᠤᠵᠢᠳ ᠬᠤᠲᠠ ᠶᠢᠨ ᠭᠠᠳᠠᠨᠠᠬᠢ ᠲᠣᠰ ᠭᠠᠵᠠᠷ ᠲᠤ ᠬᠤᠯᠪᠣᠭᠳᠠᠭᠰᠠᠨ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ 1 ᠮᠡᠳᠡᠭᠦᠯᠵᠦ᠂ ᠬᠤᠲᠠ ᠶᠢᠨ ᠭᠠᠳᠠᠨᠠᠬᠢ ᠲᠣᠰ ᠭᠠᠵᠠᠷ ᠲᠤ ᠬᠤᠯᠪᠣᠭᠳᠠᠭᠰᠠᠨ ᠡᠪᠡᠳᠴᠢᠨ ᠤ ᠵᠢᠱᠢᠶ᠎ᠡ ᠶᠢ 2 ᠮᠡᠳᠡᠭᠦᠯᠪᠡ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      1᠂ ᠥᠷᠭᠡᠨ ᠤᠯᠠᠨ ᠰᠠᠭᠤᠭᠠᠯᠢ ᠠᠷᠠᠳ ᠭᠠᠳᠠᠭᠰᠢ ᠭᠠᠷᠬᠤ ᠦᠭᠡᠢ᠂ ᠪᠡᠭᠡᠵᠢᠩ ᠳᠤ ᠣᠷᠣᠬᠤ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠶ᠂ ᠢᠯᠠᠩᠭᠤᠶ᠎ᠠ ᠬᠢᠵᠢᠭ ᠤᠨ ᠪᠠᠶᠢᠳᠠᠯ ᠤᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠠ ᠬᠢᠵᠢᠭ ᠤᠨ ᠪᠠᠶᠢᠳᠠᠯ ᠭᠠᠷᠤᠭᠰᠠᠨ ᠪᠤᠰᠤᠳ ᠬᠤᠳᠠ ᠳᠤ ᠣᠴᠢᠵᠤ ᠪᠣᠯᠬᠤ ᠦᠭᠡᠢ᠃ ᠬᠡᠷᠪᠡ ᠦᠨᠡᠬᠡᠷ ᠣᠴᠢᠬᠤ ᠴᠢᠬᠤᠯᠠ ᠲᠠᠢ ᠪᠣᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃      2᠂ ᠲᠣᠮᠣ ᠬᠡᠯᠪᠡᠷᠢ ᠶᠢᠨ ᠬᠤᠷᠠᠯ᠂ ᠤᠷᠤᠯᠳᠤᠭᠠᠨ᠂ ᠳᠡᠯᠭᠡᠨ ᠪᠣᠷᠣᠯᠠᠭᠤᠯᠬᠤ ︵ᠪᠣᠷᠣᠯᠠᠭᠤᠯᠭ᠎ᠠ ᠶᠢ ᠠᠬᠢᠭᠤᠯᠬᠤ︶᠂ ᠣᠨ ᠤ ᠬᠤᠷᠠᠯ᠂ ᠶᠠᠷᠢᠯᠴᠠᠭᠠᠨ ᠤ ᠲᠠᠪᠴᠠᠩ᠂ ᠳᠠᠶᠢᠯᠠᠯᠭ᠎ᠠ ᠵᠡᠷᠭᠡ ᠡᠯ᠎ᠡ ᠲᠥᠷᠥᠯ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠬᠦᠴᠦᠨ ᠥᠬᠡᠶ ᠪᠣᠯᠭᠠᠨ᠎ᠠ᠃ ᠬᠡᠷ ᠪᠦᠯᠢ ᠶᠢᠨ ᠬᠤᠪᠢ ᠬᠥᠮᠦᠨ ᠤ ᠬᠠᠮᠲᠤ ᠶᠢᠨ ᠴᠤᠭᠯᠠᠭᠠᠨ ᠢ 10 ᠬᠥᠮᠦᠨ ᠠᠴᠠ ᠳᠣᠤᠷ᠎ᠠ ᠬᠢᠵᠠᠭᠠᠷᠯᠠᠪᠠᠯ ᠵᠣᠬᠢᠨ᠎ᠠ᠃      3᠂ ᠪᠦᠬᠦ ᠰᠢᠶᠠᠨ ᠤ ᠪᠤᠢ ᠪᠦᠬᠦᠢ ᠺᠢᠨᠣ᠋ ᠲᠢᠶᠠᠲᠷ᠂ KTV᠂ ᠪᠡᠶ᠎ᠡ ᠴᠢᠭᠢᠷᠠᠭᠵᠢᠭᠤᠯᠬᠤ ᠭᠠᠵᠠᠷ᠂ ᠤᠮᠪᠠᠯᠲᠠ ᠶᠢᠨ ᠭᠠᠵᠠᠷ᠂ ᠰᠦᠯᠵᠢᠶᠡᠨ ᠤ ᠪᠠᠭᠠᠷ᠂ ᠤᠬᠢᠶᠠᠯᠭ᠎ᠠ ᠵᠡᠷᠭᠡ ᠰᠣᠶᠣᠯ ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ ᠭᠠᠵᠠᠷ ᠢ ᠲᠦᠷ ᠵᠤᠭᠰᠤᠭᠠᠨ᠎ᠠ᠃      4᠂ ᠪᠦᠬᠦ ᠰᠢᠶᠠᠨ ᠤ ᠪᠤᠢ ᠪᠦᠬᠦᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠭᠢᠨᠳᠠᠨ ᠤ ᠭᠠᠵᠠᠷ ᠵᠡᠷᠭᠡ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠰᠦᠯᠵᠢᠶᠡᠨ ᠠᠴᠠ ᠭᠠᠳᠠᠭᠤᠷᠬᠢ ᠪᠤᠶ ᠪᠦᠬᠦᠢ ᠪᠣᠯᠪᠠᠰᠤᠷᠠᠭᠤᠯᠤᠯ ᠢ ᠲᠦᠷ ᠵᠣᠭᠰᠣᠭᠠᠨ᠎ᠠ᠃      5᠂ ᠪᠣᠶ ᠪᠥᠬᠦᠶ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠠᠭᠤᠳᠠᠯ᠂  ᠵᠣᠴᠢᠳ ᠤᠨ ᠪᠠᠭᠤᠳᠠᠯ᠂ ᠬᠤᠭᠤᠯᠠᠨ ᠭᠡᠷ᠂ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠡᠳᠦᠷ ᠲᠤᠲᠤᠮ ᠤᠨ ᠠᠷᠢᠭᠤᠳᠬᠠᠨ ᠰᠠᠯᠬᠢ ᠨᠡᠪᠲᠡᠷᠡᠭᠦᠯᠬᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃      6᠂ ᠥᠷᠭᠡᠨ ᠤᠯᠠᠨ ᠰᠠᠭᠤᠭᠠᠯᠢ ᠠᠷᠠᠳ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠴᠤᠭᠯᠠᠷᠠᠬᠤ ᠦᠭᠡᠢ ᠪᠠᠶᠢᠬᠤ᠂ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠲᠠᠢ ᠪᠠᠶᠢᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠬᠥᠮᠦᠨ ᠤᠯᠠᠨ ᠴᠤᠭᠯᠠᠷᠠᠭᠰᠠᠨ᠂ ᠠᠭᠠᠷ ᠨᠡᠪᠲᠡᠷᠡᠬᠦ ᠦᠭᠡᠢ ᠭᠠᠵᠠᠷ ᠲᠤ ᠠᠯᠢ ᠴᠢᠳᠠᠬᠤ ᠪᠠᠷ ᠣᠴᠢᠬᠤ ᠦᠭᠡᠢ ᠪᠤᠶᠤ ᠴᠥᠭᠡᠨ ᠣᠴᠢᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃      7᠂ ᠬᠢᠵᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ᠂ ᠭᠤᠤᠯ ᠤᠷᠤᠰᠬᠠᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠵᠤ᠂ ᠡᠷᠡᠭᠦᠯ ᠪᠥᠭᠡᠳ ᠢᠳᠡᠪᠬᠢᠲᠡᠶ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠬᠡᠷᠡᠭ ᠥᠬᠡᠶ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠬᠦ ᠬᠡᠷᠡᠭᠲᠡᠶ᠃      8᠂ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠰᠠᠭᠤᠵᠤ ᠥᠩᠭᠡᠷᠡᠭᠰᠡᠨ ᠲᠡᠤᠬᠡ ᠲᠠᠢ ᠬᠥᠮᠦᠰ ᠪᠤᠶᠤ ᠣᠨᠣᠰᠢᠯᠠᠭᠰᠠᠨ ︵ᠰᠡᠵᠢᠭᠲᠡᠶ︶ ᠡᠪᠡᠳᠴᠢᠨ ᠤ ᠵᠢᠱᠢᠶ᠎ᠡ ᠯᠦᠭᠡ ᠴᠠᠭ ᠬᠤᠭᠤᠴᠠᠭ᠎ᠠ ᠪᠠ ᠣᠷᠣᠨ ᠵᠠᠶ ᠶᠢᠨ ᠲᠠᠯ᠎ᠠ ᠪᠠᠷ ᠳᠠᠪᠬᠤᠴᠠᠭᠰᠠᠨ ᠬᠥᠮᠦᠰ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶᠂ ᠨᠢᠭᠡᠴᠢ ᠪᠤᠶᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠲᠤ ᠴᠠᠭ ᠲᠤᠬᠠᠶ ᠳᠤᠨᠢ ᠮᠡᠳᠡᠭᠦᠯᠵᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃          ᠬᠠᠷᠢᠯᠴᠠᠬᠤ ᠤᠲᠠᠰᠤ᠄      ᠲᠤᠭᠳᠠᠬᠤ ᠰᠢᠶᠠᠨ ᠤ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 3130638  3130637      ᠲᠤᠭᠳᠠᠬᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 8528589      ᠲᠤᠭᠳᠠᠬᠤ ᠰᠢᠶᠠᠨ ᠤ ᠱᠤᠸᠠᠩ ᠾᠧ ᠪᠠᠯᠭᠠᠰᠤᠨ ᠤ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 8513751      ᠲᠤᠭᠳᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 8615307       ᠲᠤᠭᠳᠠᠬᠤ ᠰᠢᠶᠠᠨ ᠤ ᠲᠠᠪᠢᠨ ᠭᠡᠷ ᠪᠠᠯᠭᠠᠰᠤᠨ ᠤ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 8671252       ᠲᠤᠭᠳᠠᠬᠤ ᠰᠢᠶᠠᠨ ᠤ ᠦᠦᠰᠢᠨ ᠪᠠᠯᠭᠠᠰᠤᠨ ᠤ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 8565586       ᠲᠤᠭᠳᠠᠬᠤ ᠰᠢᠶᠠᠨ ᠤ ᠭᠦ᠋ ᠴᠧᠩ ᠪᠠᠯᠭᠠᠰᠤᠨ ᠤ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 8631009       ᠲᠤᠭᠳᠠᠬᠤ ᠰᠢᠶᠠᠨ ᠤ ᠬᠠᠳᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠦᠪ ᠤᠨ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 8560845       ᠲᠤᠭᠳᠠᠬᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 8627582              ᠲᠣᠭᠲᠠᠬᠤ ᠰᠢᠶᠠᠨ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ          2021 ᠣᠨ ᠤ 10 ᠳ᠋ᠤᠭᠠᠷ ᠰᠠᠷ᠎ᠠ ᠶᠢᠨ 23 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1