ᠬᠥ᠋ ᠴᠧᠩ ᠪᠠᠯᠭᠠᠰᠤ᠄ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠠᠨᠳᠢᠪᠯᠠᠨ ᠬᠦᠷᠭᠡᠭᠰᠡᠨ ᠡᠳ᠋ ᠪᠣᠳᠠᠰ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/10/26
      ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠮᠥᠨ᠃ ᠬᠥᠬᠡᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠣᠶᠢᠷ᠎ᠠ ᠶᠢᠨ ᠡᠳᠦᠷ ᠤᠳ ᠲᠤ᠂ ᠮᠠᠨ ᠤ ᠰᠢᠶᠠᠨ ᠤ ᠦᠶ ᠣᠯᠠᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠢᠳᠡᠪᠬᠢᠲᠡᠶ ᠪᠠᠷ ᠬᠢᠵᠢᠭ ᠢ ᠰᠡᠷᠭᠡᠶᠢᠯᠡᠬᠦ ᠡᠳ᠋ ᠪᠣᠳᠠᠰ ᠬᠠᠨᠳᠢᠪᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠦᠴᠦᠨ ᠨᠡᠮᠡᠷᠢᠯᠡᠪᠡ᠃
     ᠭᠦ᠋ ᠴᠧᠩ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠳ᠋ ᠪᠣᠳᠠᠰ ᠪᠠᠴᠢᠮ ᠪᠠᠶᠢᠭ᠎ᠠ ᠪᠠᠶᠢᠳᠠᠯ ᠢ ᠮᠡᠳᠡᠭᠰᠡᠨ ᠤ ᠳᠠᠷᠠᠭ᠎ᠠ᠂ 10 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠾᠧᠩ ᠹᠦ᠋ ᠮᠠᠯ ᠠᠵᠤ ᠠᠬᠤᠶ ᠶᠢᠨ ᠺᠣᠮᠫᠠᠨᠢ 36000 ᠠᠮᠠᠪᠴᠢ ᠪᠣᠯᠤᠨ 10 ᠬᠠᠶᠢᠷᠴᠠᠭ ᠠᠷᠢᠭᠤᠳᠬᠠᠬᠤ ᠰᠢᠩᠭᠡᠨ ᠢ ᠭᠦ᠋ ᠴᠧᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠯᠪᠠᠨ ᠠᠰᠠᠷ ᠤᠨ ᠡᠮᠦᠨ᠎ᠡ ᠬᠦᠷᠭᠡᠵᠦ᠂ ᠡᠨᠡ ᠪᠦᠯᠦᠭ ᠡᠳ᠋ ᠪᠣᠳᠠᠰ ᠢ ᠴᠠᠭ ᠲᠤᠬᠠᠶ ᠳᠤᠨᠢ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠠᠵᠢᠯᠲᠠᠨ ᠤ ᠭᠠᠷ ᠲᠤ ᠬᠦᠷᠭᠷᠬᠦ ᠪᠣᠯᠤᠨ᠎ᠠ᠃
     ︽ᠮᠠᠨ ᠤ ᠠᠵᠤ ᠠᠬᠤᠶᠢᠯᠠᠯ ᠥᠨᠥᠳᠦᠷ ᠪᠣᠯᠲᠠᠯ᠎ᠠ ᠬᠥᠭᠵᠢᠭᠡᠳ᠂ ᠲᠣᠭᠲᠠᠬᠤ ᠰᠢᠶᠠᠨ ᠤ ᠡᠯ᠎ᠡ ᠰᠠᠯᠠᠭ᠎ᠠ ᠮᠥᠴᠢᠷ ᠤᠨ ᠪᠢᠳᠡᠨ ᠢ ᠳᠡᠮᠵᠢᠭᠰᠡᠨ ᠳᠤ ᠲᠠᠯᠠᠷᠬᠠᠬᠤ ᠶᠢᠨ ᠬᠠᠮᠲᠤ ᠪᠠᠰᠠ ᠭᠦ᠋ ᠴᠧᠩ ᠪᠠᠯᠭᠠᠰᠤᠨ ᠤ ᠠᠬᠠᠰ ᠵᠠᠬᠠᠰ ᠠᠬ᠎ᠠ ᠳᠡᠭᠦᠦ ᠨᠡᠷ ᠤᠨ ᠪᠢᠳᠡᠨ ᠢ ᠳᠡᠮᠵᠢᠭᠰᠡᠨ ᠳᠤ ᠲᠠᠯᠠᠷᠬᠠᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠮᠠᠨ ᠤ ᠠᠵᠤ ᠠᠬᠤᠶᠢᠯᠠᠯ ᠨᠡᠶᠢᠭᠡᠮ ᠤᠨ ᠲᠥᠯᠥᠭᠡ ᠡᠳᠦᠶ ᠲᠡᠳᠦᠶ ᠠᠵᠢᠯ ᠬᠢᠬᠦ ᠬᠠᠷᠢᠭᠤᠴᠠᠯᠭ᠎ᠠ ᠲᠠᠢ ᠪᠥᠭᠡᠳ ᠡᠭᠦᠷᠭᠡ ᠲᠠᠢ ᠪᠣᠯᠬᠤᠷ ᠪᠢᠳᠡ ᠡᠳᠡᠭᠡᠷ ᠡᠳ᠋ ᠪᠣᠳᠠᠰ ᠢ ᠴᠤᠭᠯᠠᠭᠤᠯᠤᠭᠰᠠᠨ ᠶᠤᠮ᠃ ᠲᠠᠷᠠᠭᠠᠴᠢ ᠪᠠᠷ ᠪᠢᠳᠡ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠠᠩᠬᠠᠷᠤᠨ ᠳᠡᠮᠵᠢᠬᠦ ᠪᠣᠯᠤᠨ᠎ᠠ︾ ᠭᠡᠵᠦ ᠥᠪᠥᠷ ᠮᠣᠩᠭᠤᠯ ᠤᠨ ᠾᠧᠩ ᠹᠦ᠋ ᠮᠠᠯ ᠠᠵᠤ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ ᠯᠦᠸᠧ ᠯᠢ ᠾᠧᠩ ᠢᠯᠡᠳᠬᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1