ᠨᠢᠭᠡ᠂ ᠲᠣᠰ ᠲᠥᠷᠥ ᠶᠢᠨ ᠪᠣᠳᠣᠯᠭ᠎ᠠ ᠳᠤ ᠴᠧᠩᠳᠦ᠋ ᠬᠤᠲᠠ ᠶᠢᠨ ᠦ᠋ ᠾᠧᠦ ᠲᠣᠭᠤᠷᠢᠭ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠲᠣᠭᠲᠠᠬᠤ ᠰᠢᠶᠠᠨ ᠤ 2018 ᠣᠨ ᠤ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠥᠪᠥᠷ | ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ | ᠂ ᠣᠨᠴᠠ ᠵᠠᠷᠢᠮ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠬᠡᠰᠡᠭ ᠰᠠᠨᠠᠯ ᠢ ᠰᠢᠩᠭᠡᠭᠡᠨ ᠠᠪᠤᠪᠠ᠃ | ᠬᠤᠶᠠᠷ᠂ ᠪᠥᠬᠦ ᠡᠬᠡ ᠪᠢᠴᠢᠭ ᠢ ᠶᠡᠷᠦᠩᠬᠡᠶ ᠲᠦᠷᠢᠮ᠂ ᠨᠡᠭᠡᠭᠡᠨ ᠡᠷᠭᠢᠯᠡᠵᠦ ᠰᠠᠭᠤᠷᠢᠰᠢᠭᠤᠯᠬᠤ᠂ ᠠᠵᠤ | ᠠᠬᠤᠶᠢᠯᠠᠯ ᠢ ᠪᠤᠶᠢᠵᠢᠭᠤᠯᠬᠤ᠂ ᠠᠵᠤ ᠦᠢᠯᠡᠰ ᠢ ᠬᠥᠭᠵᠢᠭᠦᠯᠬᠦ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ᠂ | ᠳᠠᠭᠠᠯᠳᠤᠭᠤᠯᠤᠭᠰᠠᠨ ᠲᠦᠷᠢᠮ ᠵᠡᠷᠭᠡ 6 ᠬᠡᠰᠡᠭ ᠲᠤ ᠨᠡᠶᠢᠲᠡ 28 ᠵᠦᠢᠯ ᠬᠤᠪᠢᠶᠠᠨ᠎ᠠ᠃ | ᠭᠤᠷᠪᠠ᠂ ᠨᠢᠭᠡᠳᠦᠭᠡᠷ ᠪᠦᠯᠦᠭ ᠤᠨ ᠶᠡᠷᠦᠩᠬᠡᠶ ᠲᠦᠷᠢᠮ ᠳᠤ ᠨᠡᠶᠢᠳᠡ ᠬᠤᠶᠠᠷ ᠵᠦᠢᠯ ︵ᠨᠢᠭᠡᠳᠦᠭᠡᠷ | ᠵᠦᠢᠯ ᠠᠴᠠ ᠬᠤᠶᠠᠳᠤᠭᠠᠷ ᠵᠦᠢᠯ ᠬᠦᠷᠲᠡᠯ᠎ᠡ︶᠂ ᠨᠢᠭᠡᠳᠦᠭᠡᠷ ᠵᠦᠢᠯ ᠨᠢ ᠲᠦᠷᠦ ᠶᠢᠨ ᠪᠤᠳᠤᠯᠭ᠎ᠠ ᠶᠢ ᠨᠡᠶᠢᠲᠡᠯᠡᠨ | ᠬᠡᠷᠡᠭᠵᠢᠭᠦᠯᠬᠦ ᠶᠢᠨ ᠵᠣᠷᠢᠯᠭ᠎ᠠ᠂ ᠠᠴᠢ ᠬᠤᠯᠪᠣᠭᠳᠠᠯ ᠪᠣᠯᠤᠨ᠎ᠠ︔ ᠬᠤᠶᠠᠳᠤᠭᠠᠷ ᠵᠦᠢᠯ ᠳᠤ ᠲᠣᠰ ᠲᠥᠷᠥ ᠶᠢᠨ | ᠪᠣᠳᠣᠯᠭ᠎ᠠ ᠶᠢᠨ ᠬᠡᠷᠡᠭᠯᠡᠬᠦ ᠬᠡᠪᠴᠢᠶ᠎ᠡ ᠪᠠ ᠨᠥᠬᠦᠴᠡᠯ ᠤᠨ ᠬᠢᠵᠠᠭᠠᠷᠯᠠᠯ ᠢ ᠲᠣᠳᠣᠷᠬᠠᠶᠢᠯᠠᠪᠠ᠄ | 1᠂ ᠡᠷᠬᠡᠪᠰᠢ ᠮᠠᠨ ᠤ ᠰᠢᠶᠠᠨ ᠤ ᠬᠡᠪᠴᠢᠶᠡᠨ ᠳᠠᠬᠢ 2᠂ ᠲᠤᠰᠠᠭᠠᠷ ᠲᠣᠭᠠᠴᠠᠭ᠎ᠠ ᠬᠢᠬᠦ 3᠂ ᠤᠯᠤᠰ ᠤᠨ ᠬᠠᠤᠯᠢ | ᠴᠠᠭᠠᠵᠠ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠠᠶᠢᠬᠤ᠂ ︽ᠬᠤᠶᠠᠷ ᠥᠨᠳᠥᠷ︾ ᠤ ᠲᠥᠷᠥᠯ ᠵᠦᠢᠯ | ᠪᠠᠭᠳᠠᠭᠠᠬᠤ ᠦᠭᠡᠢ 4᠂ ᠲᠣᠰ ᠲᠥᠷᠥ ᠶᠢᠨ ᠪᠣᠳᠣᠯᠭ᠎ᠠ ᠬᠦᠴᠦᠨ ᠲᠠᠢ ᠪᠣᠯᠤᠭᠰᠠᠨ ᠤ ᠳᠠᠷᠠᠭᠠᠬᠢ ᠰᠢᠨ᠎ᠡ ᠪᠠᠷ | ᠪᠠᠶᠢᠭᠤᠯᠬᠤ ᠲᠥᠷᠥᠯ ᠵᠦᠢᠯ᠂ ᠬᠦᠴᠦᠨ ᠲᠠᠢ ᠪᠣᠯᠬᠤ ᠠᠴᠠ ᠡᠮᠦᠨᠡᠬᠢ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠶᠢ | ᠡᠳ᠋ᠯᠡᠵᠦ ᠪᠣᠯᠬᠤ ᠥᠬᠡᠶ 5᠂ ᠡᠷᠬᠡᠪᠰᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠᠶᠢᠬᠤ ᠬᠡᠷᠡᠭᠲᠡᠶ᠂ | ᠲᠠᠷᠢᠶᠠᠯᠠᠩ᠂ ᠰᠣᠶᠣᠯ ᠵᠢᠭᠤᠯᠴᠢᠯᠠᠯ᠂ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ ᠵᠡᠷᠭᠡ ᠪᠤᠰᠤᠳ ᠠᠵᠤ | ᠠᠬᠤᠶᠢᠯᠠᠯ ᠳᠤ ᠬᠤᠯᠪᠣᠭᠳᠠᠬᠤ ᠥᠬᠡᠶ᠃ | ᠲᠦᠷᠪᠡ᠂ ᠬᠤᠶᠠᠳᠤᠭᠠᠷ ᠪᠦᠯᠦᠭ ᠲᠤ ᠣᠷᠣᠵᠤ ᠰᠠᠭᠤᠭᠰᠠᠨ ᠨᠡᠶᠢᠳᠡ 8 ᠵᠦᠢᠯ ︵ᠭᠤᠷᠪᠠᠳᠤᠭᠠᠷ | ᠵᠦᠢᠯ ᠠᠴᠠ ᠠᠷᠪᠠᠳᠤᠭᠠᠷ ᠵᠦᠢᠯ ᠬᠦᠷᠲᠡᠯ᠎ᠡ︶᠂ ᠰᠢᠨ᠎ᠡ ᠪᠠᠷ ᠡᠷᠬᠢᠯᠡᠭᠰᠡᠨ ᠠᠵᠤ ᠠᠬᠤᠶᠢᠯᠠᠯ ᠢ ᠱᠠᠩᠨᠠᠨ | ᠬᠥᠬᠢᠭᠦᠯᠬᠦ ᠪᠠᠷ ᠵᠢᠭᠰᠠᠭᠠᠪᠠ᠂ ᠡᠭᠦᠨ ᠳᠤ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠠᠵᠤ ᠠᠬᠤᠶᠢᠯᠠᠯ᠂ ᠨᠡᠷᠡᠳᠤ | ᠶᠡᠭᠡ ᠳᠡᠭᠡᠳᠦ ᠰᠤᠷᠭᠠᠭᠤᠯᠢ ᠶᠢᠨ ᠬᠠᠷᠢᠶ᠎ᠠ ᠠᠵᠤ ᠠᠬᠤᠶᠢᠯᠠᠯ᠂ ᠰᠢᠨ᠎ᠡ ᠪᠠᠷ ᠬᠥᠭᠵᠢᠭᠰᠡᠨ ᠠᠵᠤ ᠦᠢᠯᠡᠰ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠂ ᠳᠡᠰ ᠳᠡᠪᠰᠢᠭᠰᠡᠨ ᠠᠵᠤ | ᠠᠬᠤᠶᠢᠯᠠᠯ᠂ ᠭᠠᠷ ᠤᠷᠠᠯᠠᠯ ᠤᠨ ᠡᠨᠧᠷᠭᠢ ᠶᠢᠨ ᠬᠤᠷᠣᠭᠳᠠᠭᠤᠯᠤᠯ ᠤᠨ ᠲᠡᠷᠢᠭᠦᠨ ᠤ ᠠᠵᠤ ᠠᠬᠤᠶᠢᠯᠠᠯ ᠢ | ᠪᠠᠭᠲᠠᠭᠠᠬᠤ ᠶᠢᠨ ᠬᠠᠮᠲᠤ ︽ᠲᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠰᠠᠭᠤᠷᠢ ᠲᠥᠬᠦᠭᠡᠷᠦᠮᠵᠢ ᠶᠢᠨ | ᠪᠠᠲᠤᠯᠠᠭ᠎ᠠ ᠶᠢ ᠬᠠᠩᠭᠠᠨ᠎ᠠ᠃ | ᠲᠠᠪᠤ᠂ ᠭᠤᠷᠪᠠᠳᠤᠭᠠᠷ ᠪᠦᠯᠦᠭ ᠲᠤ ᠠᠵᠤ ᠠᠬᠤᠶᠢᠯᠠᠯ ᠢ ᠪᠤᠶᠢᠵᠢᠭᠤᠯᠬᠤ ᠳᠤ ᠨᠡᠶᠢᠳᠠ 4 ᠵᠦᠢᠯ ︵ᠠᠷᠪᠠᠨ | ᠨᠢᠭᠡᠳᠦᠭᠡᠷ ᠵᠦᠢᠯ ᠠᠴᠠ ᠠᠷᠪᠠᠨ ᠳᠥᠷᠪᠡᠳᠦᠭᠡᠷ ᠵᠦᠢᠯ ᠬᠦᠷᠲᠡᠯ᠎ᠡ︶᠂ ᠲᠤᠰ ᠪᠦᠯᠦᠭ ᠪᠣᠯ ᠠᠵᠤ ᠠᠬᠤᠶᠢᠯᠠᠯ ᠤᠨ | ᠡᠬᠢᠯᠡᠯᠲᠡ ᠶᠢᠨ ᠱᠠᠲᠤᠨ ᠤ ᠬᠥᠭᠵᠢᠯᠲᠡ ᠶᠢ ᠲᠡᠳᠬᠦᠨ ᠲᠡᠮᠵᠢᠵᠦ᠂ ᠠᠵᠤ ᠠᠬᠤᠶᠢᠯᠠᠯ ᠪᠠ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠴᠢᠳᠠᠪᠤᠷᠢᠲᠠᠨ ᠢ ᠠᠵᠤ ᠠᠬᠤᠶ ᠶᠢᠨ ᠪᠣᠳᠠᠲᠠᠶ ᠬᠤᠪᠢ ᠨᠡᠮᠡᠷᠢ ᠪᠠᠷ ᠨᠢ ᠵᠣᠬᠢᠰᠲᠠᠶ ᠬᠠᠷᠢᠴᠠᠯ | ᠲᠣᠭᠲᠠᠭᠠᠵᠤ ᠱᠠᠩᠨᠠᠨ ᠬᠥᠬᠢᠭᠦᠯᠦᠨ᠎ᠡ᠃ | | ᠵᠢᠷᠭᠤᠭ᠎ᠠ᠂ ᠳᠥᠷᠪᠡᠳᠦᠭᠡᠷ ᠪᠦᠯᠦᠭ ᠠᠵᠤ ᠦᠢᠯᠡᠰ ᠤᠨ ᠬᠥᠭᠵᠢᠯᠲᠡ ᠳᠤ ᠨᠡᠶᠢᠲᠡ 4 ᠵᠦᠢᠯ ︵ᠠᠷᠪᠠᠨ | ᠲᠠᠪᠤᠳᠤᠭᠠᠷ ᠵᠦᠢᠯ ᠠᠴᠠ ᠠᠷᠪᠠᠨ ᠨᠠᠶ᠋ᠮᠠᠳᠤᠭᠠᠷ ᠵᠦᠢᠯ ᠬᠦᠷᠲᠡᠯ᠎ᠡ︶ ᠪᠠᠶᠢᠵᠤ᠂ ᠠᠵᠤ ᠠᠬᠤᠶᠢᠯᠠᠯ ᠤᠨ ᠦᠷᠭᠦᠯᠵᠢᠯᠡᠨ | ᠬᠥᠭᠵᠢᠨ ᠪᠤᠵᠠᠭᠠᠶᠢᠷᠠᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ᠂ ᠪᠣᠳᠠᠲᠠᠶ ᠠᠵᠤ ᠠᠬᠤᠶ ᠶᠢᠨ ᠬᠤᠪᠢ ᠨᠡᠮᠡᠷᠢ ᠶᠢ ᠦᠨᠳᠦᠰᠦᠯᠡᠨ ᠲᠣᠬᠢᠷᠠᠮᠵᠢᠲᠠᠶ | ᠬᠠᠷᠢᠴᠠᠯ ᠢ ᠲᠣᠭᠲᠠᠭᠠᠵᠤ ᠱᠠᠩᠨᠠᠨ ᠬᠥᠬᠢᠭᠦᠯᠬᠦ ᠶᠢᠨ ᠬᠠᠮᠲᠤ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠭᠥᠷᠳᠡᠬᠦ ᠨᠢ ᠳᠡᠭᠡᠳᠦ ᠱᠠᠲᠤᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠶᠢ ᠨᠥᠯᠥᠭᠡᠯᠡᠬᠦ ᠥᠬᠡᠶ | ᠭᠡᠵᠦ ᠲᠣᠳᠣᠷᠬᠠᠶ ᠲᠣᠭᠲᠠᠭᠠᠪᠠ᠃ | ᠳᠣᠯᠤᠭ᠎ᠠ᠂ ᠲᠠᠪᠤᠳᠤᠭᠠᠷ ᠪᠦᠯᠦᠭ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠨᠢ ᠨᠡᠶᠢᠲᠡ 5 ᠵᠦᠢᠯ ︵ | ᠠᠷᠪᠠ ᠶᠢᠰᠦᠳᠦᠭᠡᠷ ᠵᠦᠢᠯ ᠠᠴᠠ ᠬᠤᠷᠢᠨ ᠭᠤᠷᠪᠠᠳᠤᠭᠠᠷ ᠵᠦᠢᠯ ᠬᠦᠷᠲᠡᠯ᠎ᠡ︶ ᠪᠠᠶᠢᠵᠤ᠂ ᠠᠵᠤ ᠠᠬᠤᠶᠢᠯᠠᠯ ᠤᠨ | ᠬᠥᠮᠦᠰ ᠤᠨ ᠡᠷᠦᠬᠡ ᠠᠮᠠ ᠣᠷᠣᠬᠤ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠦᠢᠯᠡᠳᠪᠦᠷᠢᠯᠡᠯ ᠤᠨ | ᠬᠦᠴᠦᠨ ᠵᠦᠢᠯ᠂ ᠠᠵᠢᠯ ᠤᠨ ᠦᠷ᠎ᠡ ᠪᠦᠲᠦᠮᠵᠢ ᠶᠢ ᠪᠠᠲᠤᠯᠠᠵᠤ᠂ ᠠᠵᠤ ᠠᠬᠤᠶᠢᠯᠠᠯ ᠤᠨ ᠬᠤᠶᠢᠰᠢᠳᠠ ᠶᠢᠨ | ᠵᠣᠪᠠᠨᠢᠯ ᠢ ᠰᠢᠢᠳᠪᠦᠷᠢᠯᠡᠨ᠂ ᠪᠠᠯᠠ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ | ᠪᠣᠯᠭᠠᠬᠤ ᠶᠢᠨ ᠬᠠᠮᠲᠤ ᠠᠵᠤ ᠠᠬᠤᠶᠢᠯᠠᠯ ᠨᠢ ᠲᠣᠰ ᠭᠠᠵᠠᠷ ᠤᠨ ᠬᠥᠮᠦᠰ ᠢ ᠡᠯᠰᠡᠨ ᠠᠪᠴᠤ ᠠᠵᠢᠯ ᠣᠯᠭᠤᠭᠰᠠᠨ ᠢ | ᠬᠥᠬᠢᠭᠦᠯᠦᠨ ᠱᠠᠩᠨᠠᠨ᠎ᠠ᠃ | ᠨᠠᠢᠮᠠ᠂ ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ ᠳᠤ ᠨᠡᠶᠢᠳᠡ 5 ᠵᠦᠢᠯ ︵ᠬᠤᠷᠢᠨ | ᠳᠥᠷᠪᠡᠳᠦᠭᠡᠷ ᠵᠦᠢᠯ ᠠᠴᠠ ᠬᠤᠷᠢᠨ ᠨᠠᠢᠮᠠᠳᠤᠭᠠᠷ ᠵᠦᠢᠯ ᠬᠦᠷᠲᠡᠯ᠎ᠡ︶᠂ ᠲᠤᠰ ᠲᠦᠷᠦ ᠶᠢᠨ ᠪᠤᠳᠤᠯᠭ᠎ᠠ ᠶᠢᠨ ᠵᠠᠷᠢᠮ | ᠨᠠᠷᠢᠨ ᠵᠦᠢᠯᠡᠰ ᠲᠤ ᠲᠣᠳᠣᠷᠬᠠᠶᠢᠯᠠᠯᠲᠠ ᠬᠢᠵᠦ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠬᠤᠭᠤᠴᠠᠭ᠎ᠠ ᠪᠠ ᠪᠢᠴᠢᠭ | ᠮᠠᠲ᠋ᠧᠷᠢᠶᠠᠯ ᠢ ᠲᠠᠶᠢᠯᠪᠤᠷᠢᠯᠠᠬᠤ ᠪᠡᠶᠡᠴᠢ ᠴᠣᠭᠴᠠ ᠶᠢ ᠲᠣᠳᠣᠷᠬᠠᠶᠢᠯᠠᠪᠠ᠃ |