ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠤᠯᠤᠰ ᠤᠨ ᠪᠠᠶᠠᠷ ᠤᠨ ᠬᠤᠭᠤᠴᠠᠭᠠᠨ ᠳᠠᠬᠢ ᠨᠡᠶᠢᠭᠡᠮ ᠤᠨ ᠲᠣᠭᠲᠠᠭᠤᠨ ᠡᠵᠡᠮᠳᠡᠯ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/4
      10 ᠳ᠋ᠤᠭᠠᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠱᠸᠡᠨ ᠴᠢᠤᠸᠠᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠩ ᠹᠧᠩ  ᠤᠰᠤᠨ ᠤᠷᠳᠤᠨ ᠵᠡᠷᠭᠡ ᠵᠢᠭᠤᠯᠴᠢᠯᠠᠯ ᠤᠨ ᠭᠠᠵᠠᠷ ᠲᠤ ᠭᠦᠨᠵᠡᠭᠡᠶᠢᠷᠡᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠡᠵᠡᠮᠳᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠵᠡᠷᠭᠡ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃
       ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ᠂ ᠭᠤᠣ ᠵᠧᠩ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠪᠠᠶᠢᠳᠠᠯ ᠤᠨ ᠲᠤᠬᠠᠶ ᠵᠠᠳᠠᠯᠤᠯᠲᠠ ᠪᠠ ᠠᠮᠤᠷ ᠢ ᠬᠠᠮᠠᠭᠠᠯᠠᠬᠤ ᠪᠠᠶᠢᠷᠢᠯᠠᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠣᠯᠠᠨ ᠲᠦᠮᠡᠨ ᠤ ᠶᠠᠪᠤᠵᠤ ᠰᠠᠭᠤᠬᠤ ᠭᠠᠵᠠᠷ ᠲᠥᠪᠯᠡᠷᠡᠵᠦ ᠠᠮᠤᠷ ᠲᠣᠭᠲᠠᠭᠤᠨ ᠢ ᠬᠠᠮᠠᠭᠠᠯᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠢ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ︽ᠤᠯᠠᠨ ᠲᠦᠮᠡᠨ ᠤ ᠪᠠᠶᠠᠷ ᠤᠨ ᠡᠳᠦᠷ ᠢ ᠥᠩᠭᠡᠷᠡᠭᠡᠵᠦ᠂ ᠴᠠᠭᠳᠠᠭ᠎ᠠ ᠬᠠᠷᠠᠭᠤᠯ ᠵᠣᠭᠰᠣᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠳᠦᠷ ᠰᠥᠨᠢ ᠦᠭᠡᠢ ᠠᠮᠤᠷ ᠲᠦᠪᠰᠢᠨ ᠲᠣᠭᠲᠠᠭᠤᠨ ᠤ ᠡᠮᠦᠨ᠎ᠡ ᠹᠷᠣᠨᠲ ᠲᠤ ᠡᠷᠡᠯᠬᠡᠭᠯᠡᠨ ᠠᠵᠢᠯᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠰᠢᠶᠠᠨ ᠤ ᠨᠡᠶᠢᠭᠡᠮ ᠤᠨ ᠠᠮᠤᠷ ᠲᠦᠪᠰᠢᠨ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
   ︽ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠵᠢᠭᠤᠯᠴᠢᠯᠠᠭᠴᠢᠳ ᠪᠠᠷᠤᠭ ᠬᠡᠳᠦᠶ ᠬᠥᠮᠦᠨ ᠤᠳᠠᠭ᠎ᠠ ᠳᠤ ᠬᠦᠷᠬᠦ ᠪᠤᠶ  ︖︾ ︽ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠠᠭᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖︾ ︽ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠭᠰᠠᠨ ᠤᠣ︖︾ ᠁ ᠡᠯ᠎ᠡ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠤ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠤᠨ ᠲᠤᠬᠠᠶ ᠪᠣᠳᠠᠲᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠭᠤᠣ ᠵᠧᠩ ᠴᠢᠬᠤᠯᠠᠴᠢᠯᠠᠭᠰᠠᠨ ᠨᠢ᠂ ᠡᠯ᠎ᠡ ᠦᠵᠡᠮᠵᠢ ᠶᠢᠨ ᠣᠷᠣᠨ ᠤ ᠬᠢᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠰᠡᠷᠭᠡᠶᠢᠯᠡᠯᠲᠡ ᠶᠢᠨ ᠱᠤᠭᠤᠮ ᠢ ᠴᠠᠭ ᠢᠮᠠᠭᠲᠠ ᠪᠠᠲᠤ ᠪᠠᠬᠢ ᠪᠠᠶᠢᠭᠤᠯᠵᠤ᠂ ︽ᠭᠠᠳᠠᠨ᠎ᠠ ᠠᠴᠠ ᠤᠷᠤᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠤᠷᠢᠳᠴᠢᠯᠠᠨ ᠪᠣᠯᠵᠣᠵᠤ ᠪᠢᠯᠧᠲ ᠬᠤᠳᠠᠯᠳᠤᠨ ᠠᠪᠬᠤ᠂ ᠤᠷᠬᠢᠯ ᠢ ᠵᠥᠷᠢᠭᠦᠯᠦᠨ ᠴᠡᠴᠡᠷᠯᠢᠭ ᠲᠤ ᠣᠷᠣᠬᠤ ᠵᠡᠷᠭᠡ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠥᠷᠭᠡᠨ ᠤᠯᠠᠨ ᠵᠤᠭᠠᠴᠠᠭᠰᠠᠳ ᠲᠤ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠶᠢ ᠴᠠᠭ ᠢᠮᠠᠭᠲᠠ ᠰᠠᠨᠠᠭᠤᠯᠵᠤ᠂ ᠪᠥᠭᠡᠮᠨᠡᠷᠡᠨ ᠴᠤᠭᠯᠠᠷᠠᠬᠤ ᠠᠴᠠ ᠵᠠᠶᠢᠯᠠᠰᠬᠢᠵᠦ᠂ ᠠᠮᠤᠷ ᠲᠦᠪᠰᠢᠨ ᠤ ᠵᠠᠢ ᠶᠢ ᠪᠠᠲᠤᠯᠠᠵᠤ᠂ ᠠᠮᠤᠷ ᠲᠦᠪᠰᠢᠨ ᠪᠣᠯᠪᠠᠰᠤᠨ ᠢᠶᠠᠷ ᠵᠤᠭᠠᠴᠠᠬᠤ ᠶᠢ ᠪᠡᠶᠡᠯᠡᠭᠦᠯᠵᠦ᠂ ᠬᠢᠵᠢᠭ ᠤᠨ ᠲᠠᠬᠢᠨ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠠᠲᠤᠳᠬᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠰᠢᠢᠳᠪᠦᠷᠢᠯᠡᠵᠦ᠂ ᠵᠤᠭᠠᠴᠠᠯ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠴᠠᠬᠢᠯᠭᠠᠨ ᠬᠡᠷᠡᠭᠯᠡᠯᠲᠡ ᠶᠢᠨ ᠠᠮᠤᠷ ᠲᠦᠪᠰᠢᠨ ᠢ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠵᠤᠭᠠᠴᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠲᠥᠯᠥᠪᠵᠢᠭᠦᠯᠭᠡ ᠪᠣᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠳᠤᠨ ᠭᠤᠣᠯ ᠤᠨ ᠰᠣᠶᠣᠯ᠂ ᠶᠦᠨ ᠵᠦᠩ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠣᠶᠣᠯ ᠤᠨ ᠲᠦᠷᠦᠯ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠦᠷᠦᠭᠳᠡᠯ ᠢ ᠨᠡᠮᠡᠭᠳᠡᠭᠦᠯᠵᠦ᠂ ᠵᠤᠭᠠᠴᠠᠭᠰᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠰᠣᠶᠣᠯ ᠵᠤᠭᠠᠴᠠᠯ ᠤᠨ ᠠᠭᠤᠰᠤᠯᠴᠠᠯ ᠤᠨ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠵᠦ᠂ ᠮᠠᠨ ᠤ ᠰᠢᠶᠠᠨ ᠤ ᠠᠯᠳᠠᠷᠰᠢᠯ ᠪᠤᠯᠤᠨ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1