ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠠᠵᠤ ᠦᠢᠯᠡᠳᠪᠦᠷᠢ ᠶᠢᠨ ᠬᠦᠷᠢᠶᠡᠯᠡᠩ ᠳᠤ ᠭᠦᠨᠵᠡᠭᠡᠶᠢᠷᠡᠨ ᠠᠵᠤ ᠠᠬᠤᠶᠢᠯᠠᠯ ᠤᠨ ᠬᠥᠭᠵᠢᠯᠲᠡ ᠪᠠ ᠠᠶᠤᠯᠭᠦᠶ  ᠦᠢᠯᠡᠳᠪᠦᠷᠢᠯᠡᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/5
      10 ᠳ᠋ᠤᠭᠠᠷ ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠦᠢᠯᠡᠳᠪᠦᠷᠢ ᠶᠢᠨ ᠬᠦᠷᠢᠶᠡᠯᠡᠩ ᠳᠤ ᠭᠦᠨᠵᠡᠭᠡᠶᠢᠷᠡᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠥᠭᠵᠢᠯᠲᠡ ᠪᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠭᠤᠤ ᠵᠧᠩ ᠨᠡᠷ ᠤᠷᠢᠳ ᠬᠤᠵᠢᠳ ᠥᠪᠥᠷ ᠮᠣᠩᠭᠤᠯ ᠤᠨ ᠬᠤᠸᠠᠨ ᠴᠧᠩ ᠪᠦᠯᠦᠭᠯᠡᠯ ᠤᠨ ᠡᠬᠢ ᠪᠠᠶᠠᠯᠢᠭ ᠤᠨ ᠳᠠᠬᠢᠯᠳᠠ ᠠᠰᠢᠭᠯᠠᠯᠳᠠ ᠶᠢᠨ ᠺᠣᠮᠫᠠᠨᠢ ᠶᠢᠨ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡᠨ ᠤ ᠪᠣᠬᠢᠷᠲᠤᠯ ᠦᠭᠡᠢ ᠵᠠᠳᠠᠯᠵᠤ ᠳᠠᠬᠢᠨ ᠦᠢᠯᠡᠳᠬᠦ ᠲᠦᠷᠦᠯ ᠵᠦᠢᠯ᠂ ᠶᠢᠨ ᠾᠧ ᠶᠢᠨ ᠠᠮᠢᠳᠤ ᠪᠣᠳᠠᠰ ᠤᠨ ᠵᠢᠯ ᠳᠤ 5.2 ᠲᠦᠮᠡᠨ ᠲᠣᠨ ᠮᠠᠯ ᠤᠨ ᠡᠮ ᠤᠨ ᠲᠡᠰ ᠤᠨ ᠥᠨᠳᠥᠷ ᠦᠷ᠎ᠡ ᠠᠰᠢᠭ ᠲᠠᠢ ᠶᠢᠨ ᠮᠧᠢ ᠰᠦ᠋ 1000 ᠲᠣᠨ ᠳᠠᠪᠤᠰᠤᠨ ᠬᠦᠴᠢᠯ ᠤᠨ ᠶᠢᠨ ᠮᠧᠢ ᠰᠦ᠋ ᠲᠦᠭᠦᠬᠡᠢ ᠮᠠᠲ᠋ᠧᠷᠢᠶᠠᠯ ᠤᠨ ᠡᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠪᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ ᠂ ᠠᠵᠤ ᠠᠬᠤᠶᠢᠯᠠᠯ ᠤᠨ ᠠᠶᠤᠯᠭᠦᠶ  ᠦᠢᠯᠡᠳᠪᠦᠷᠢᠯᠡᠯ᠂ ᠲᠥᠬᠦᠭᠡᠷᠦᠮᠵᠢ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠡᠷᠭᠡ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠲᠠᠷᠠᠭ᠎ᠠ᠂ ᠭᠤᠤ ᠵᠧᠩ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠶ ᠲᠤᠯᠭᠠᠭᠤᠷᠢᠯᠠᠯ ᠪᠠ ᠬᠥᠲᠥᠯᠦᠨ ᠳᠠᠭᠠᠭᠤᠯᠬᠤ ᠦᠢᠯᠡᠳᠦᠯ ᠲᠠᠢ ᠶᠤᠮ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠤᠷᠤᠭᠰᠢᠲᠠᠶ ᠠᠬᠢᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ︔ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠯ᠎ᠡ ᠠᠵᠤ ᠠᠬᠤᠶᠢᠯᠠᠯ ᠨᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠣᠳᠣᠬᠠᠨ ᠤ ᠪᠠᠷᠢᠯᠭ᠎ᠠ ᠶᠢᠨ ᠰᠢᠵᠢᠷ ᠠᠯᠲᠠᠨ ᠤᠯᠠᠷᠢᠯ ᠢ ᠠᠳᠬᠤᠨ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠢ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠢᠯᠡᠳᠪᠦᠷᠢᠯᠡᠯ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
     ᠮᠧᠩ ᠹᠧᠩ ᠣᠨᠴᠠ ᠪᠣᠯᠣᠳ ᠲᠡᠮᠦᠷ᠂ ᠪᠠᠢ ᠺᠧ ᠠᠮᠢᠳᠤ ᠪᠣᠳᠠᠰ᠂ ᠵᠥᠩ ᠮᠥ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠳ᠋ᠠ ᠲᠠᠩ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ᠂ ᠴᠠᠩ ᠱᠧᠩ ᠡᠮ ᠦᠢᠯᠡᠳᠪᠦᠷᠢ ᠵᠡᠷᠭᠡ ᠠᠵᠤ ᠠᠬᠤᠶᠢᠯᠠᠯ ᠳᠤ᠂ ᠭᠤᠤ ᠵᠧᠩ ᠨᠡᠷ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠲᠦᠷᠦᠯ ᠵᠦᠢᠯ ᠤᠨ ᠠᠬᠢᠴᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠦᠢᠯᠡᠳᠪᠦᠷᠢᠯᠡᠯ ᠤᠨ ᠤᠷᠠᠯᠠᠯ᠂ ᠮᠡᠷᠭᠡᠵᠢᠯ ᠤᠨ ᠣᠨᠴᠠᠯᠢᠭ ᠪᠣᠯᠤᠨ ᠡᠨᠧᠷᠭᠢ ᠶᠢᠨ ᠬᠤᠷᠣᠭᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠣᠨᠣᠰᠴᠤ᠂ ᠠᠵᠤ ᠠᠬᠤᠶᠢᠯᠠᠯ ᠢ ᠬᠠᠪᠰᠤᠷᠤᠨ ᠠᠷᠭ᠎ᠠ ᠰᠦᠪᠡᠭᠴᠢᠯᠡᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠦᠭᠴᠦ ᠪᠠᠶᠢᠨ᠎ᠠ᠃
     ᠭᠤᠣ ᠵᠧᠩ ᠢᠯᠡᠷᠬᠡᠶᠢᠯᠡᠬᠦ ᠳᠡᠭᠡᠨ᠂ ᠣᠳᠣᠬᠠᠨ ᠳᠤ ᠲᠤᠭᠳᠠᠬᠤ ᠰᠢᠶᠠᠨ ᠤ ᠬᠢᠨ ᠪᠦᠬᠦ ᠰᠢᠶᠠᠨ ᠤ ᠬᠦᠴᠦᠨ ᠢ ᠪᠠᠳᠠᠷᠠᠭᠤᠯᠵᠤ᠂ ᠪᠦᠬᠦ ᠰᠢᠶᠠᠨ ᠤ ᠣᠶᠤᠨ ᠤᠬᠠᠭᠠᠨ ᠢ ᠲᠥᠪᠯᠡᠷᠡᠭᠦᠯᠦᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ︽ᠪᠦᠬᠦ ᠠᠷᠠᠳ ᠢ ᠳᠠᠶᠢᠴᠢᠯᠠᠨ ᠭᠦᠶᠦᠬᠦ ᠮᠠᠶᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠰᠦᠯ︾᠂ ︽ᠪᠦᠬᠦ ᠰᠢᠶᠠᠨ ᠤ ᠴᠢᠬᠤᠯᠠ ᠶᠡᠭᠡ ᠲᠦᠷᠦᠯ ᠵᠦᠢᠯ ᠤᠨ ᠪᠦᠬᠦ ᠶᠠᠪᠤᠴᠠ ᠶᠢᠨ ᠠᠰᠠᠷᠠᠭᠴᠢ ᠮᠠᠶᠢᠭ ᠤᠨ ᠲᠤᠰᠬᠠᠢ ᠲᠤᠰᠢᠶᠠᠯᠲᠠᠨ ᠤ ᠦᠢᠯᠡᠴᠢᠯᠡᠭᠡᠨ ᠤ ᠲᠣᠭᠲᠠᠴᠠ︾ ᠶᠢ ᠨᠡᠶᠢᠲᠡᠯᠡᠵᠦ᠂ ᠠᠵᠤ ᠠᠬᠤᠶᠢᠯᠠᠯ ᠲᠠᠢ ᠵᠡᠷᠭᠡᠪᠡᠷ ᠤᠷᠤᠭᠰᠢᠯᠠᠵᠤ᠂ ᠠᠵᠤ ᠠᠬᠤᠶᠢᠯᠠᠯ ᠳᠤ ᠨᠡᠩ ᠪᠦᠷᠢᠨ ᠲᠡᠭᠦᠯᠳᠡᠷ ᠦᠢᠯᠡᠴᠢᠯᠡᠭᠡᠨ ᠤ ᠲᠤᠯᠭᠠᠭᠤᠷᠢᠯᠠᠯ᠂ ᠨᠡᠩ ᠰᠢᠯᠢᠳᠡᠭ ᠬᠥᠭᠵᠢᠯᠲᠡ ᠶᠢᠨ ᠣᠷᠴᠢᠨ ᠲᠣᠭᠤᠷᠢᠨ᠂ ᠨᠡᠩ ᠣᠨᠣᠪᠴᠢᠲᠠᠢ ᠦᠢᠯᠡᠴᠢᠯᠡᠭᠡᠨ ᠤ ᠲᠠᠪᠴᠠᠩ ᠬᠠᠩᠭᠠᠵᠤ᠂ ᠠᠵᠤ ᠠᠬᠤᠶᠢᠯᠠᠯ ᠤᠨ ᠨᠡᠩ ᠶᠡᠭᠡ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠠᠵᠤ ᠠᠬᠤᠶᠢᠯᠠᠯᠲᠠᠳ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠵᠦᠢᠯ ᠤᠨ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ᠂ ᠠᠵᠤ ᠠᠬᠤᠶᠢᠯᠠᠯ ᠤᠨ ᠲᠣᠰ ᠪᠡᠶ᠎ᠡ ᠶᠢᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠮᠡᠷᠭᠡᠵᠢᠯ ᠤᠨ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠭᠠᠳᠠᠭᠠᠳᠤ ᠲᠠᠢ ᠬᠠᠮᠲᠤᠷᠠᠯᠴᠠᠬᠤ ᠪᠠᠷ ᠳᠠᠮᠵᠢᠭᠤᠯᠤᠨ ᠬᠡᠯᠪᠡᠷᠢ ᠪᠠᠨ ᠬᠤᠪᠢᠷᠠᠭᠤᠯᠤᠨ ᠳᠡᠭᠡᠭᠰᠢᠯᠡᠭᠦᠯᠬᠦ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠨ᠂ ᠶᠡᠭᠡ ᠬᠡᠪᠴᠢᠶ᠎ᠡ ᠪᠠᠷ᠂ ᠰᠢᠯᠭᠠᠷᠠᠭᠰᠠᠨ ᠦᠢᠯᠡᠳᠭᠦᠨ᠂ ᠴᠢᠨᠠᠷ ᠰᠠᠶᠢᠲᠠᠶ ᠦᠢᠯᠡᠴᠢᠯᠡᠭᠡ ᠳᠤ ᠲᠦᠰᠢᠭᠯᠡᠨ ᠵᠠᠬ᠎ᠠ ᠳᠡᠯᠭᠡᠭᠦᠷ ᠢ ᠡᠵᠡᠯᠡᠵᠦ᠂ ᠠᠵᠤ ᠠᠬᠤᠶᠢᠯᠠᠯ ᠤᠨ ᠬᠤᠷᠴᠠ ᠰᠢᠷᠦᠭᠦᠨ ᠥᠷᠢᠰᠥᠯᠳᠦᠭᠡᠨ ᠤ ᠳᠤᠮᠳᠠ ᠬᠥᠭᠵᠢᠨ ᠪᠤᠵᠠᠭᠠᠶᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
     ᠭᠤᠤ ᠵᠧᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠷᠢᠶᠡᠯᠡᠩ ᠲᠣᠭᠤᠷᠢᠭ ᠤᠨ ᠰᠤᠯᠠ ᠪᠠᠶᠢᠬᠤ ᠭᠠᠵᠠᠷ ᠰᠢᠷᠣᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠲᠦᠢᠯᠪᠤᠷᠢᠲᠠᠢ ᠴᠡᠪᠡᠷᠯᠡᠵᠦ᠂ ᠰᠢᠨ᠎ᠡ ᠪᠠᠷ ᠣᠷᠣᠭᠤᠯᠤᠭᠰᠠᠨ ᠲᠦᠷᠦᠯ ᠵᠦᠢᠯ ᠳᠤ ᠰᠢᠨ᠎ᠡ ᠲᠦᠷᠦᠯ ᠵᠦᠢᠯ ᠤᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠠᠰᠠᠭᠤᠳᠠᠯ ᠢ ᠠᠷᠭ᠎ᠠ ᠪᠦᠬᠦᠨ ᠢ ᠰᠦᠪᠡᠭᠴᠢᠯᠡᠨ ᠰᠢᠢᠳᠪᠦᠷᠢᠯᠡᠵᠦ᠂ ᠠᠵᠤ ᠠᠬᠤᠶᠢᠯᠠᠯ ᠢ ᠨᠡᠩ ᠰᠠᠶᠢᠨ ᠨᠡᠩ ᠲᠦᠷᠭᠡᠨ ᠢᠶᠠᠷ ᠨᠠᠶᠢᠳᠠᠪᠤᠷᠢᠵᠢᠭᠤᠯᠵᠤ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠦᠢᠯᠡᠴᠢᠯᠡᠭᠡᠨ ᠤ ᠠᠵᠤ ᠠᠬᠤᠶᠢᠯᠠᠯ ᠤᠨ ᠶᠠᠰᠤ ᠴᠢᠨᠠᠷ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠤᠬᠠᠭᠤᠯᠬᠤ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠠᠰᠢᠭ ᠢ ᠦᠨᠡᠨᠬᠦ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠭᠤᠤ ᠵᠧᠩ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠪᠣᠯ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠡᠷᠬᠡᠪᠰᠢ ᠴᠥᠬᠦᠷᠡᠰᠢ ᠦᠭᠡᠢ ᠴᠢᠩᠭ᠎ᠠ ᠠᠳᠬᠤᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠢᠨ ᠬᠠᠷᠢᠭᠤᠴᠠᠯᠭᠠᠲᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠯᠠᠬᠤ ᠬᠡᠷᠡᠭᠲᠡᠢ︔ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠡᠰᠡᠭ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠡᠷᠴᠢᠮ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠳᠤᠮᠳᠠᠬᠢ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠬᠠᠮᠤᠭ ᠤᠨ ᠴᠢᠩᠭ᠎ᠠ ᠠᠷᠭ᠎ᠠ  ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠢᠵᠠᠭᠠᠷᠯᠠᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠪᠣᠯᠤᠨ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠯᠢᠦ ᡁᠢ ᠴᠢᠶᠠᠩ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠳᠡᠳ᠋ ᠡᠷᠬᠢᠯᠡᠭᠴᠢ ᠸᠠᠩ ᠶᠢᠩ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1