ᠰᠢᠶᠠᠨ ᠤ ᠠᠷᠠᠳ ᠤᠨ ᠵᠠᠰᠠᠭ ᠤᠨ ᠣᠷᠳᠣᠨ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 20 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/6
      9 ᠳ᠋ᠤᠭᠡᠷ ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 17 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 20 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠱᠠᠨᠰᠢ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠸᠠᠩ ᠯᠢ ᠰᠢᠶᠠ ᠨᠥᠬᠦᠷ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠠ᠃ ᠭᠠᠵᠠᠷ ᠰᠢᠷᠣᠶ ᠶᠢᠨ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠵᠠᠷᠤᠳᠠᠯ ᠢ ᠰᠠᠯᠭᠠᠨ ᠥᠭᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠶᠠᠷᠢᠯᠴᠠᠵᠤ᠂ 2022 ᠣᠨ ᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ︽ᠲᠣᠭᠲᠠᠬᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︽ᠲᠣᠭᠲᠠᠬᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠰᠠᠨᠠᠯ ᠬᠤᠷᠢᠶᠠᠬᠤ ᠨᠣᠤᠷᠠᠭ︶︾ ︽ᠲᠣᠭᠲᠠᠬᠤ ᠰᠢᠶᠠᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠠᠵᠢᠯ ᠤᠨ ᠬᠡᠷᠡᠭᠵᠢᠭᠦᠯᠬᠦ ᠲᠥᠰᠦᠯ︾ ︽ᠲᠣᠭᠲᠠᠬᠤ ᠰᠢᠶᠠᠨ ᠤ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠠᠮᠢᠶᠠᠷᠤᠨ ᠡᠵᠡᠮᠳᠡᠬᠦ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠪᠠ᠃ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠ ᠪᠥᠬᠦ ᠰᠢᠶᠠᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠳᠡ ᠶᠢ ᠰᠤᠨᠤᠰᠴᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠱᠠᠨᠰᠢ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠡᠭᠦᠨ ᠤ ᠬᠠᠮᠲᠤ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠭᠤᠣᠯ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠳᠡᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠢᠭᠡ ᠴᠤᠭᠴᠠᠵᠢᠭᠤᠯᠤᠨ ᠰᠠᠶᠢᠲᠤᠷ ᠠᠳᠬᠤᠵᠤ᠂ ︽ᠲᠦᠷᠪᠡᠨ ᠤᠬᠠᠮᠰᠠᠷ︾ ᠢᠶᠠᠨ ᠨᠡᠮᠡᠭᠳᠡᠭᠦᠯᠬᠦ᠂ ︽ᠲᠦᠷᠪᠡᠨ ᠢᠲᠡᠭᠡᠯ︾ ᠢᠶᠠᠨ ᠪᠠᠲᠤᠳᠬᠠᠬᠤ ᠶᠢ ᠦᠨᠡᠨᠬᠦ ᠪᠠᠷᠢᠮᠲᠠᠯᠠᠵᠤ᠂ ︽ᠬᠤᠶᠠᠷ ᠬᠠᠮᠠᠭᠠᠯᠠᠯᠲᠠ︾ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠣᠳᠠᠲᠠᠶ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂  ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠡᠷᠲᠡ ᠢᠯᠭᠠᠨ ᠲᠠᠨᠢᠬᠤ᠂ ᠡᠷᠲᠡ ᠰᠡᠷᠡᠮᠵᠢᠯᠡᠭᠦᠯᠬᠦ᠂ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠬᠦᠬᠡ ᠠᠭᠤᠯᠠ ᠬᠥᠬᠡᠮᠳᠦᠭ ᠤᠰᠤ ᠪᠣᠯ ᠲᠠᠷᠤᠢ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠪᠡ᠃      ᠬᠤᠷᠠᠯ ᠠᠴᠠ᠂ ᠠᠵᠢᠯ ᠤᠨ ᠲᠤᠬᠢᠷᠠᠭᠤᠯᠤᠯᠳᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠲᠦᠷᠦᠯ ᠵᠦᠢᠯ ᠤᠨ ᠨᠥᠭᠡᠴᠡᠯᠡᠯ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ᠂ ᠡᠨᠧᠷᠭᠢ ᠶᠢᠨ ᠬᠤᠷᠣᠭᠳᠠᠯ ᠤᠨ ᠣᠷᠣᠨ ᠵᠠᠢ ᠶᠢᠨ ᠲᠠᠯᠳᠡ ᠬᠦᠴᠦᠨ ᠢ ᠠᠭᠤᠳᠠᠯᠬᠤ ᠶᠢ ᠴᠢᠩᠭ᠎ᠠ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠵᠦ᠂ ᠳᠥᠷᠪᠡᠳᠦᠭᠡᠷ ᠤᠯᠠᠷᠢᠯ ᠳᠤ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠠᠮᠵᠢᠯᠳᠠ ᠪᠦᠳᠦᠭᠡᠯ ᠤᠯᠬᠤ   ᠪᠠᠷ ᠡᠷᠡᠰ ᠰᠠᠶᠢᠲᠤᠷ ᠴᠢᠷᠮᠠᠶᠢᠨ ᠬᠢᠬᠦ ᠬᠡᠷᠡᠭᠲᠡᠢ᠃ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠳᠠᠷᠤᠶ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ᠂ ᠨᠠᠷᠢᠨ ᠨᠢᠮᠪᠠᠶ ᠪᠠᠶᠢᠷᠢᠯᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠪᠥᠬᠦ ᠲᠠᠯ᠎ᠠ ᠪᠠᠷ ᠨᠠᠷᠢᠯᠢᠬᠵᠢᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠭᠤᠤ ᠬᠠᠨ᠂ ᠷᠧᠨ ᠷᠦᠢ᠂ ᠶᠦᠨ ᠵᠢᠶᠠᠨ ᠵᠥᠩ᠂ ᠰᠢᠶᠧ ᠴᠦᠨ ᠯᠦᠩ᠂ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠶ᠂ ᠡᠯ᠎ᠡ ᠪᠠᠯᠭᠠᠰᠤ᠂ ᠬᠠᠲᠤᠨ ᠭᠤᠤᠯ ᠤᠨ  ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠭᠳᠠ ᠶᠢᠨ ᠲᠥᠪ ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1