ᠵᠧᠵᠢᠶᠠᠩ ᠤᠨ ᠶᠦᠩ ᠲᠠᠢ ᠬᠤᠪᠢᠴᠠᠭ᠎ᠠ ᠡᠵᠡᠮᠰᠢᠭᠴᠢ ᠬᠢᠵᠠᠭᠠᠷᠲᠤ ᠺᠣᠮᠫᠠᠨᠢ ᠮᠠᠨ ᠤ ᠰᠢᠶᠠᠨ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠰᠠᠨᠠᠮᠵᠢ ᠶᠢᠨ ᠬᠡᠯᠡᠯᠴᠡᠭᠡᠷ ᠲᠣᠭᠲᠠᠵᠠᠢ
ᠨᠡᠶᠢᠲᠡᠯᠡᠭᠰᠡᠨ ᠴᠠᠭ᠄
2021/10/6
     10 ᠳ᠋ᠤᠭᠠᠷ ᠰᠠᠷ᠎ᠠ ᠶᠢᠨ 5 ᠤ ᠡᠳᠦᠷ᠂ ᠵᠧᠵᠢᠶᠠᠩ ᠤᠨ ᠶᠦᠩ ᠲᠠᠢ ᠬᠤᠪᠢᠴᠠᠭ᠎ᠠ ᠡᠵᠡᠮᠰᠢᠭᠴᠢ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠶᠢᠩ ᠮᠧᠶ ᠨᠡᠷ ᠮᠠᠨ ᠤ ᠰᠢᠶᠠᠨ ᠳᠤ ᠢᠷᠡᠵᠦ ᠰᠢᠨᠵᠢᠯᠡᠨ ᠪᠠᠶᠢᠴᠠᠭᠠᠭᠰᠠᠨ ᠪᠥᠭᠡᠳ ᠰᠠᠨᠠᠮᠵᠢ ᠶᠢᠨ ᠬᠡᠯᠡᠯᠴᠡᠭᠡᠷ ᠲᠣᠭᠲᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢᠦ ᡁᠢ ᠴᠢᠶᠠᠩ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠶ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠸᠠᠩ ᠶᠢᠩ ᠮᠧᠢ ᠨᠡᠷ ᠬᠠᠮᠲᠤᠷᠠᠯᠴᠠᠭᠠᠨ ᠤ ᠲᠦᠷᠦᠯ ᠵᠦᠢᠯ ᠤᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
     ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠯᠢᠦ ᡁᠢ ᠴᠢᠶᠠᠩ ᠮᠠᠨ ᠤ ᠰᠢᠶᠠᠨ ᠤ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ ᠠᠵᠤ ᠦᠢᠯᠡᠳᠪᠦᠷᠢ ᠶᠢᠨ ᠬᠦᠷᠢᠶᠡᠯᠡᠩ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃
     ᠸᠠᠩ ᠶᠢᠩ ᠮᠧᠢ ᠪᠠᠢ ᠺᠧ ᠠᠮᠢᠳᠤ ᠪᠣᠳᠠᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠮᠠᠨ ᠤ ᠰᠢᠶᠠᠨ ᠤ ᠪᠡᠯᠡ ᠣᠷᠣᠭᠤᠯᠤᠯᠲᠠ ᠶᠢᠨ ᠳᠠᠪᠠᠭᠤᠯᠢᠭ ᠢ ᠭᠦᠢᠴᠡᠳ ᠨᠤᠲᠠᠯᠠᠬᠤ ᠶᠢᠨ ᠬᠠᠮᠲᠤ ᠮᠠᠨ ᠤ ᠰᠢᠶᠠᠨ ᠳᠤ ᠪᠡᠯᠡ ᠣᠷᠣᠭᠤᠯᠬᠤ ᠬᠦᠰᠡᠯ ᠢᠶᠠᠨ ᠢᠯᠡᠳᠬᠡᠵᠡᠢ᠃ ᠲᠡᠷᠡ᠂ ᠮᠠᠨ ᠤ ᠰᠢᠶᠠᠨ ᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ᠂ ᠡᠵᠡᠩᠨᠡᠯᠲᠡ ᠶᠢᠨ ᠳᠠᠪᠠᠭᠤᠯᠢᠭ ᠣᠷᠴᠢᠨ ᠲᠣᠭᠤᠷᠢᠨ ᠨᠢ ᠬᠤᠶᠢᠰᠢᠳᠠ ᠶᠢᠨ ᠬᠠᠮᠲᠤᠷᠠᠯᠴᠠᠭᠠᠨ ᠤ ᠲᠦᠷᠦᠯ ᠵᠦᠢᠯ ᠳᠤ ᠮᠠᠰᠢ ᠰᠠᠶᠢᠨ ᠳᠠᠪᠠᠭᠤᠯᠢᠭ ᠰᠠᠭᠤᠷᠢ ᠪᠠ ᠬᠥᠭᠵᠢᠯᠲᠡ ᠶᠢᠨ ᠳᠠᠯᠳᠠ ᠬᠦᠴᠦᠨ ᠲᠠᠢ ᠶᠤᠮ᠂ ᠬᠤᠶᠠᠷ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢᠨ ᠰᠠᠭᠤᠷᠢ ᠪᠠᠲᠤ ᠪᠠᠬᠢ ᠮᠥᠷᠲᠡᠭᠡᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ ᠭᠡᠵᠦ ᠦᠵᠡᠪᠡ᠂ ᠭᠡᠷ᠎ᠡ ᠲᠤᠭᠳᠠᠭᠠᠬᠤ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ᠂ ᠡᠷᠲᠡ ᠡᠵᠡᠩᠨᠡᠬᠦ ᠶᠢ ᠬᠠᠮᠲᠤᠪᠠᠷ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
     ᠭᠤᠣ ᠵᠧᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠸᠠᠩ ᠶᠢᠩ ᠮᠧᠶ ᠨᠡᠷ ᠤᠨ ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠯᠲᠠ ᠶᠢ ᠰᠢᠨᠵᠢᠯᠡᠨ ᠪᠠᠶᠢᠴᠠᠭᠠᠭᠰᠠᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠮᠠᠨ ᠤ ᠰᠢᠶᠠᠨ ᠤ ᠬᠥᠭᠵᠢᠯᠲᠡ ᠶᠢ ᠠᠬᠢᠭᠤᠯᠬᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠠᠵᠢᠯ ᠤᠨ ᠠᠭᠤᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠨᠠᠷᠢᠨ ᠳᠠᠩᠰᠠ ᠲᠣᠭᠲᠠᠭᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠲᠤᠰᠬᠠᠢ ᠠᠩᠭᠢ ᠪᠠᠨ ᠲᠣᠳᠣᠷᠬᠠᠶᠢᠯᠠᠵᠤ᠂ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃
     ᠭᠤᠣ ᠵᠧᠩ ᠢᠯᠡᠷᠬᠡᠶᠢᠯᠡᠬᠦ ᠳᠡᠭᠡᠨ᠂ ᠮᠠᠨ ᠤ ᠰᠢᠶᠠᠨ ᠭᠠᠵᠠᠷ ᠰᠢᠷᠣᠶ ᠬᠡᠷᠡᠭᠯᠡᠬᠦ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠲᠠᠯ᠎ᠠ ᠪᠠᠷ ᠠᠯᠢ ᠣᠯᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠡᠶ᠃ ︽ᠪᠥᠬᠦ ᠠᠷᠠᠳ ᠢᠶᠠᠷ ᠢᠶᠠᠨ ᠳᠠᠶᠢᠴᠢᠯᠠᠨ ᠭᠦᠶᠦᠬᠦ ᠮᠠᠶ᠋ᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ︾ ︽ᠪᠥᠬᠦ ᠰᠢᠶᠠᠨ ᠤ ᠴᠢᠬᠤᠯᠠ ᠶᠡᠭᠡ ᠲᠥᠷᠥᠯ ᠵᠦᠢᠯ ᠤᠨ ᠪᠥᠬᠦ ᠶᠠᠪᠤᠴᠠ ᠶᠢᠨ ᠠᠰᠠᠷᠠᠭᠴᠢ ᠮᠠᠶ᠋ᠢᠭ ᠤᠨ ᠲᠤᠰᠬᠠᠶ ᠲᠤᠰᠢᠶᠠᠯᠲᠠᠨ ᠤ ᠦᠢᠯᠡᠴᠢᠯᠡᠭᠡᠨ ᠤ ᠲᠣᠭᠲᠠᠴᠠ︾ ᠶᠢ ᠲᠣᠭᠲᠠᠭᠠᠵᠤ᠂ ᠠᠵᠤ ᠠᠬᠤᠶᠢᠯᠠᠯ ᠳᠤ ᠨᠠᠩ ᠪᠦᠷᠢᠨ ᠲᠡᠭᠦᠯᠳᠡᠷ ᠦᠢᠯᠡᠴᠢᠯᠡᠭᠡᠨ ᠤ ᠲᠤᠯᠭᠠᠭᠤᠷᠢᠯᠠᠯ᠂ ᠨᠠᠩ ᠰᠢᠯᠢᠳᠡᠭ ᠬᠥᠭᠵᠢᠯᠲᠡ ᠶᠢᠨ ᠣᠷᠴᠢᠨ ᠲᠣᠭᠤᠷᠢᠨ᠂ ᠨᠠᠩ ᠨᠠᠷᠢᠯᠢᠭ ᠣᠨᠣᠴᠠᠲᠠᠶ ᠦᠢᠯᠡᠴᠢᠯᠡᠭᠡᠨ ᠤ ᠲᠠᠪᠴᠠᠩ ᠬᠠᠩᠭᠠᠵᠤ᠂ ᠠᠵᠤ ᠠᠬᠤᠶᠢᠯᠠᠯ ᠤᠨ ᠨᠠᠩ ᠶᠡᠭᠡ ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠲᠤᠭᠳᠠᠬᠤ ᠰᠢᠶᠠᠨ ᠨᠢ ᠨᠢᠭᠡᠨᠲᠡ ᠣᠷᠣᠰᠢᠨ ᠰᠠᠭᠤᠬᠤ ᠳᠤ ᠲᠣᠬᠢᠷᠠᠮᠵᠢᠲᠠᠶ ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ᠂ ᠵᠤᠭᠠᠴᠠᠨ  ᠰᠤᠪᠢᠯᠠᠯᠳᠠ ᠳᠤ ᠲᠣᠬᠢᠷᠠᠮᠵᠢᠲᠠᠶ ᠬᠥᠭᠵᠢᠯᠲᠡ ᠶᠢᠨ ᠬᠠᠯᠠᠭᠤᠨ ᠬᠥᠷᠥᠰᠥ᠂ ᠪᠡᠯᠡ ᠣᠷᠣᠭᠤᠯᠤᠯᠲᠠ ᠶᠢᠨ ᠡᠷᠳᠡᠨᠢ ᠶᠢᠨ ᠣᠷᠣᠨ ᠪᠣᠯᠤᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠵᠥᠪᠯᠡᠯᠴᠡᠭᠡᠷ ᠲᠤᠬᠢᠷᠠᠯᠴᠠᠬᠤ ᠪᠠᠷ ᠭᠠᠷᠳᠠᠴᠠ ᠪᠣᠯᠭᠠᠵᠤ᠂ ᠵᠣᠯᠭᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠭᠦᠢᠴᠡᠳ ᠵᠥᠪᠳᠡᠯᠴᠡᠵᠦ᠂ ᠲᠡᠩᠴᠡᠭᠦᠷᠢ ᠶᠢᠨ ᠴᠢᠭ ᠢᠶᠠᠨ ᠣᠨᠣᠪᠴᠢᠲᠠᠢ ᠣᠯᠵᠤ᠂ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠡᠯ᠎ᠡ ᠰᠠᠯᠠᠭ᠎ᠠ ᠮᠥᠴᠢᠷ᠂ ᠡᠯ᠎ᠡ  ᠨᠢᠭᠡᠴᠢ ᠶᠢᠨ ᠬᠢᠨ ︽ᠲᠦᠷᠦᠯ ᠵᠦᠢᠯ ᠢᠶᠠᠷ ᠭᠤᠣᠯ ᠪᠣᠯᠭᠠᠵᠤ᠂ ᠦᠢᠯᠡᠴᠢᠯᠡᠭᠡ ᠶᠢ ᠳᠡᠭᠡᠳᠦᠯᠡᠬᠦ︾ ᠤᠢᠢᠯᠠᠭᠠᠭᠳᠠᠬᠤᠨ ᠢ ᠪᠠᠷᠢᠮᠲᠠᠯᠠᠵᠤ᠂ ᠠᠵᠤ ᠠᠬᠤᠶᠢᠯᠠᠯ ᠤᠨ ᠶᠡᠭᠡ ᠪᠠᠭ᠎ᠠ ᠶᠠᠪᠤᠳᠠᠯ ᠢ ᠥᠪᠡᠷ ᠤᠨ ᠢᠶᠠᠨ ︽ᠰᠡᠳᠬᠢᠯ ᠤᠨ ᠶᠠᠪᠤᠳᠠᠯ︾ ᠪᠣᠯᠭᠠᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠵᠤ᠂ ᠠᠵᠤ ᠠᠬᠤᠶᠢᠯᠠᠯ ᠤᠨ ᠮᠠᠨ ᠤ ᠰᠢᠶᠠᠨ ᠳᠤ ᠪᠡᠯᠡ ᠣᠷᠣᠭᠤᠯᠤᠨ ᠬᠥᠭᠵᠢᠭᠦᠯᠬᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠠᠮᠤᠭ ᠤᠨ ᠰᠢᠯᠢᠳᠡᠭ ᠴᠢᠨᠠᠷᠲᠠᠢ᠂ ᠬᠠᠮᠤᠭ ᠤᠨ ᠳᠥᠭᠦᠮ ᠳᠥᠲᠡ᠂ ᠬᠠᠮᠤᠭ ᠤᠨ ᠳᠣᠲᠣᠨᠣ ᠦᠢᠯᠡᠴᠢᠯᠡᠭᠡ ᠬᠠᠩᠭᠠᠵᠤ᠂ ᠲᠦᠷᠦᠯ ᠵᠦᠢᠯ ᠤᠨ ᠡᠷᠲᠡ ᠨᠠᠶᠢᠳᠠᠪᠤᠷᠢᠵᠢᠭᠤᠯᠤᠭᠳᠠᠬᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠵᠢᠯ ᠳᠤ 10 ᠲᠦᠮᠡᠨ ᠲᠣᠨ ᠰᠦᠨ ᠬᠦᠴᠢᠯ ᠤᠨ ᠪᠥᠭᠡᠭᠡᠨᠡᠪᠦᠷᠢ ᠦᠢᠯᠡᠳᠪᠦᠷᠢᠯᠡᠬᠦ ᠲᠦᠷᠦᠯ ᠵᠦᠢᠯ ᠤᠨ ᠰᠠᠨᠠᠮᠵᠢ ᠶᠢᠨ ᠵᠥᠪᠯᠡᠯᠴᠡᠭᠡᠷ᠂ ᠵᠢᠯ ᠳᠤ 82200 ᠲᠣᠨ ᠰᠢᠨ᠎ᠡ ᠡᠨᠧᠷᠭᠢ ᠶᠢᠨ ᠪᠥᠭᠡᠭᠡᠨᠡᠷᠡᠯ ᠤᠨ ᠹᠯᠣᠷ ᠠᠭᠤᠯᠤᠭᠰᠠᠨ ᠪᠥᠭᠡᠭᠡᠨᠡᠪᠦᠷᠢ ᠶᠢᠨ ᠮᠠᠲ᠋ᠧᠷᠢᠶᠠᠯ ᠤᠨ ᠲᠦᠷᠦᠯ ᠵᠦᠢᠯ ᠤᠨ ᠰᠠᠨᠠᠮᠵᠢ ᠶᠢᠨ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1