ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠳᠡᠰ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2021/11/1
      ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ᠂ ᠡᠷᠬᠡᠪᠰᠢ ᠴᠠᠭ ᠮᠥᠴᠡ ᠶᠢ ᠵᠠᠪᠳᠤᠬᠤ ᠬᠡᠷᠡᠭᠲᠡᠶ᠃ 10 ᠳ᠋ᠤᠭᠠᠷ ᠰᠠᠷ᠎ᠠ ᠶᠢᠨ 31 ᠤ ᠡᠳᠦᠷ᠂ ᠮᠠᠨ ᠤ ᠰᠢᠶᠠᠨ ᠬᠤᠶᠠᠳᠤᠭᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢᠶᠠᠨ ᠡᠬᠢᠯᠡᠭᠦᠯᠵᠦ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠦᠳᠲᠡᠷ ᠲᠦᠷᠭᠡᠨ ᠢᠶᠠᠷ ᠡᠷᠦᠭᠡ ᠶᠢᠨ ᠴᠡᠷᠢᠭ ᠤᠨ ᠬᠤᠪᠢᠶᠠᠷᠢ ᠠᠩᠬᠢ ᠶᠢ ᠴᠤᠭᠯᠠᠭᠤᠯᠵᠤ᠂ ᠬᠡᠯᠳᠡᠰ ᠤ ᠤᠳᠤᠷᠢᠳᠤᠯᠭ᠎ᠠ ᠠᠴᠠ ᠠᠩᠬᠢ ᠳᠠᠭᠠᠭᠤᠯᠤᠨ ᠵᠢᠯᠣᠭᠤᠳᠴᠤ᠂ ᠦᠱᠧᠨ ᠪᠠᠯᠭᠠᠰᠤᠨ ᠤ ᠵᠠᠨ ᠹᠠᠩ ᠫᠢᠩ ᠲᠣᠰᠬᠤᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠭ ᠲᠤ ᠬᠦᠷᠴᠦ ᠲᠠᠯᠠᠪᠤᠷ ᠪᠠᠶᠢᠷᠢᠯᠠᠭᠤᠯᠬᠤ᠂ ᠺᠣᠳ᠋ ᠰᠢᠷᠪᠢᠵᠦ ᠳᠠᠩᠰᠠᠯᠠᠬᠤ᠂ ᠮᠡᠳᠡᠭᠡ ᠵᠠᠩᠭᠢ ᠣᠷᠣᠭᠤᠯᠬᠤ᠂ ᠡᠮᠬᠢ ᠳᠢᠭᠯᠢᠮ ᠢ ᠬᠠᠮᠠᠭᠠᠯᠠᠬᠤ ᠵᠡᠷᠭᠡ ᠪᠥᠭᠡᠮ ᠬᠦᠴᠢᠯ ᠤᠨ ᠦᠯᠢᠭᠡᠷ ᠠᠪᠬᠤ ᠠᠵᠢᠯ ᠢ ᠬᠠᠮᠵᠢᠨ ᠬᠢᠪᠡ᠃
     ᠪᠠᠶᠢᠴᠠᠭᠠᠨ ᠰᠢᠯᠭᠠᠬᠤ ᠲᠤᠬᠠᠶ ᠶᠢᠨ ᠲᠠᠯᠠᠪᠤᠷ ᠲᠤ᠂ ᠡᠷᠦᠬᠡ ᠶᠢᠨ ᠴᠡᠷᠢᠭ ᠦᠳᠲᠡᠷ ᠲᠦᠷᠭᠡᠨ ᠢᠶᠠᠷ ᠠᠵᠢᠯ ᠤᠨ ᠳᠦᠷᠢ ᠳᠤ ᠣᠷᠣᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠪᠠᠶᠢᠷᠢᠯᠠᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠤᠷᠢᠳᠴᠢᠯᠠᠨ ᠣᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠦᠷᠭᠡᠨ ᠠᠬᠢᠭᠤᠯᠬᠤ ᠳᠤ ᠡᠮᠦᠨᠡᠬᠢ ᠬᠤᠭᠤᠴᠠᠭᠠᠨ ᠤ ᠪᠡᠯᠡᠳᠬᠡᠯ ᠢ ᠰᠠᠶᠢᠲᠤᠷ ᠬᠢᠵᠡᠢ᠃ ᠪᠠᠶᠢᠴᠠᠭᠠᠨ ᠰᠢᠯᠭᠠᠬᠤ ᠶᠠᠪᠤᠴᠠ ᠳᠤ ᠲᠡᠳᠡ ᠰᠠᠨᠠᠭᠠᠴᠢᠯᠠᠭ᠎ᠠ ᠠᠴᠠ ᠪᠠᠨ ᠪᠠᠶᠢᠴᠠᠭᠠᠭᠳᠠᠵᠤ ᠪᠠᠶᠢᠭ᠎ᠠ ᠣᠯᠠᠨ ᠲᠦᠮᠡᠨ ᠳᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯᠯᠠᠭᠠᠨ ᠤ ᠶᠠᠪᠤᠴᠠ ᠶᠢ ᠲᠠᠶᠢᠯᠪᠤᠷᠢᠯᠠᠨ ᠥᠭᠴᠦ᠂ ᠡᠮᠬᠢ ᠵᠢᠷᠤᠮ ᠢ ᠬᠠᠮᠠᠭᠠᠯᠠᠬᠤ ᠶᠢ ᠬᠥᠲᠥᠯᠥᠨ ᠵᠢᠯᠣᠭᠤᠳᠴᠤ᠂ ᠣᠯᠠᠨ ᠲᠦᠮᠡᠨ ᠤ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠵᠠᠶ᠃ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠤᠨ ᠬᠡᠷᠡᠭᠴᠡᠭᠡ ᠳᠤ ᠲᠦᠬᠦᠮ ᠦᠵᠡᠭᠦᠯᠬᠦ ᠶᠢᠨ ᠲᠥᠯᠥᠭᠡ᠂ ᠥᠷᠭᠡᠨ ᠤᠯᠠᠨ ᠡᠷᠦᠭᠡ ᠶᠢᠨ ᠴᠡᠷᠢᠭ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ᠂ ᠡᠮᠴᠢ ᠰᠤᠪᠢᠯᠠᠭᠴᠢᠳ ᠢ ᠬᠠᠪᠰᠤᠷᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠯᠢᠭᠡᠷ ᠬᠡᠪ ᠢ ᠴᠤᠭᠯᠠᠭᠤᠯᠪᠠ᠃ ᠬᠤᠶᠠᠷ ᠡᠭᠡᠯᠵᠢ ᠪᠠᠷ ᠨᠡᠶᠢᠲᠡ 1600 ᠭᠠᠷᠤᠶ ᠬᠥᠮᠦᠨ ᠤᠳᠠᠭ᠎ᠠ ᠥᠯᠢᠭᠡᠷ ᠠᠪᠴᠤ᠂ ᠪᠥᠬᠦ ᠶᠠᠪᠤᠴᠠ ᠳᠤ ᠡᠮᠬᠢ ᠵᠢᠷᠤᠮ ᠲᠠᠢ ᠥᠷᠨᠢᠭᠦᠯᠦᠨ᠂ ᠥᠨᠳᠥᠷ ᠪᠦᠲᠦᠮᠵᠢᠲᠡᠶ ᠪᠠᠷ ᠬᠡᠷᠡᠭᠵᠢᠭᠦᠯᠬᠦ ᠶᠢ ᠪᠠᠲᠤᠯᠠᠪᠠ᠃
     ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠠᠰᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠢᠳᠡᠪᠬᠢᠲᠡᠢ ᠠᠵᠢᠯᠯᠠᠵᠤ᠂ ᠤᠷᠢᠳ ᠬᠤᠵᠢᠳ 3 ᠤᠳᠠᠭ᠎ᠠ ᠬᠤᠯᠪᠤᠭᠠᠯᠠᠨ ᠲᠠᠭᠠᠭᠠᠴᠢᠯᠠᠭᠰᠠᠨ ᠲᠣᠰᠬᠤᠨ ᠳᠤ ᠬᠦᠷᠴᠦ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠤᠯᠠᠨ ᠲᠦᠮᠡᠨ ᠳᠤ ᠠᠮᠠᠪᠴᠢ᠂ ᠠᠷᠢᠭᠤᠳᠬᠠᠬᠤ ᠰᠢᠩᠭᠡᠨ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠲᠦᠭᠡᠭᠡᠨ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠷᠤᠭᠰᠢᠲᠠᠢ ᠶᠠᠪᠤᠭᠳᠠᠬᠤ ᠳᠤ ᠬᠦᠴᠦᠨ ᠨᠡᠮᠡᠷᠢᠯᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1