︽119︾ ᠤ ᠪᠥᠬᠦ ᠤᠯᠤᠰ ᠤᠨ ᠭᠠᠯ ᠤᠨᠲᠠᠷᠠᠭᠠᠬᠤ ᠡᠳᠦᠷ ᠤᠶᠢᠷᠠᠳᠴᠤ ᠢᠷᠡᠬᠦ ᠶᠢᠨ ᠲᠠᠰᠢᠷᠠᠮ ᠢᠶᠠᠷ᠂ | ᠣᠶᠢᠷ᠎ᠠ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠪᠤᠷᠠᠨ ᠲᠤᠰᠠᠯᠠᠬᠤ ᠲᠣᠪᠴᠢᠶ᠎ᠠ ᠶᠢᠨ ᠤᠷᠢᠯᠭ᠎ᠠ ᠪᠠᠷ᠂ ︽ᠪᠥᠬᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ | ᠬᠦᠷᠲᠡᠭᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠥᠩ ᠨᠠᠨ ᠱᠠᠨ ︽ | ᠳᠤᠮᠳᠠᠳᠤ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ | ᠡᠯᠴᠢ︾ ᠪᠣᠯᠪᠠ᠃ | ᠵᠥᠩ ᠨᠠᠨ ᠱᠠᠨ ᠠᠺᠠᠳᠧᠮᠢᠴᠢ ᠬᠡᠯᠡᠬᠦ ᠳᠡᠭᠡᠨ᠂ ᠡᠮᠴᠢ ᠰᠤᠪᠢᠯᠠᠭᠴᠢᠳ ᠪᠠ ᠭᠠᠯ ᠤᠨᠲᠠᠷᠠᠭᠠᠬᠤ ᠠᠵᠢᠯᠲᠠᠳ | ᠪᠣᠯ ᠴᠥᠮ ᠰᠢᠨ᠎ᠡ ᠴᠠᠭ ᠦᠶ᠎ᠡ ᠶᠢᠨ ︽ᠰᠥᠷᠦᠨ ᠶᠠᠪᠤᠭᠴᠢ︾ ᠮᠥᠨ᠂ ᠭᠡᠪᠡᠴᠦ ᠬᠢᠵᠢᠭ ᠢ ᠰᠡᠷᠭᠡᠶᠢᠯᠡᠨ | ᠬᠤᠷᠢᠬᠯᠠᠬᠤ ᠪᠠ ᠭᠠᠯ ᠤᠨᠠᠶᠤᠯ ᠢ ᠰᠡᠷᠭᠡᠶᠢᠯᠡᠬᠦ ᠪᠣᠯ ᠵᠥᠪᠬᠡᠨ ᠲᠡᠳᠡᠨ ᠤ ᠶᠠᠪᠤᠳᠠᠯ ᠪᠢᠰᠢ᠂ ᠬᠠᠷᠢᠨ ᠪᠥᠬᠦ | ᠠᠷᠠᠳ ᠢᠶᠠᠷ ᠢᠶᠠᠨ ᠴᠢᠬᠤᠯᠠᠴᠢᠯᠠᠵᠤ᠂ ᠪᠥᠬᠦ ᠠᠷᠠᠳ ᠢᠶᠠᠷ ᠢᠶᠠᠨ ᠣᠷᠣᠯᠴᠠᠬᠤ ᠬᠡᠷᠡᠭᠲᠡᠶ᠂ ᠢᠩᠭᠢᠪᠡᠯ ᠰᠠᠶ᠋ᠢ ᠡᠷᠡᠭᠦᠯ | ᠮᠡᠨᠳᠦ ᠪᠠ ᠠᠮᠤᠷ ᠠᠮᠤᠭᠤᠯᠠᠩ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ᠂ ᠡᠶᠢᠮᠦ ᠠᠴᠠ ᠤᠬᠠᠭᠤᠯᠭ᠎ᠠ ᠶᠢᠨ | ᠠᠵᠢᠯ ᠮᠠᠰᠢ ᠴᠢᠬᠤᠯᠠ ᠶᠤᠮ ᠭᠡᠵᠡᠶ᠃ |