ᠥᠪᠥᠷ ᠮᠣᠩᠭᠤᠯ ᠳᠤ ᠥᠴᠥᠭᠡᠳᠦᠷ ᠰᠢᠨ᠎ᠡ ᠪᠠᠷ ᠨᠡᠮᠡᠭᠳᠡᠭᠰᠡᠨ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠪᠠᠶᠢᠬᠤ ᠥᠬᠡᠶ
ᠨᠡᠶᠢᠲᠡᠯᠡᠭᠰᠡᠨ ᠴᠠᠭ᠄
2021/11/10
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠴᠠ‌ᠨᠡᠶᠢᠲᠡᠯᠡᠭᠰᠡᠨ ᠨᠢ᠂ 11 ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ  ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠭᠰᠡᠨ ᠥᠬᠡᠶ  ᠃  ᠰᠢᠨ᠎ᠡ ᠪᠠᠷ ᠨᠡᠮᠡᠭᠳᠡᠭᠰᠡᠨ  ᠢᠯᠠᠷᠢᠰᠢᠵᠤ ᠡᠮᠨᠡᠯᠭᠡ ᠠᠴᠠ ᠭᠠᠷᠤᠭᠰᠠᠨ ᠲᠤᠬᠠᠶ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ 10  ︵ ᠰᠢᠯᠢ ᠶᠢᠨ ᠭᠤᠤᠯ ᠠᠶᠢᠮᠠᠭ ‍ᠤᠨ‌ᠡᠷᠢᠶᠡᠨ ᠬᠤᠲᠠ ᠳᠤ 2᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 8︶ ᠪᠠᠶᠢᠨ᠎ᠠ᠃              11 ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠥᠷ  ᠮᠣᠩᠭᠤᠯ ᠳᠤ ᠣᠲᠣ ᠪᠠᠶᠢᠭ᠎ᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠣᠨᠣᠰᠢᠯᠠᠭᠳᠠᠭᠰᠠᠨ ᠡᠪᠡᠳᠴᠢᠨ ᠤ  ᠵᠢᠱᠢᠶ᠎ᠡ 7  ᠂  ᠲᠤᠬᠠᠶ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ 84 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 7᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 76  ︶  ᠪᠣᠶ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ  ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠳ᠋᠊ ᠬᠢᠵᠦ᠂ ᠬᠢᠵᠢᠭ ᠦᠷᠪᠢᠰᠦᠨ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠣᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1