ᠥᠪᠥᠷ ᠮᠣᠩᠭᠤᠯ ᠤᠨ ᠲᠦᠩᠯᠢᠶᠣᠣ ᠳᠤ ᠴᠠᠰᠦ ᠵᠤᠳ ᠪᠣᠯᠪᠠ
ᠨᠡᠶᠢᠲᠡᠯᠡᠭᠰᠡᠨ ᠴᠠᠭ᠄
2021/11/10
      11 ᠳ᠋ᠣᠭᠡᠷ ᠰᠠᠷ᠎ᠠ ᠶᠢᠨ 5 ᠤ ᠡᠳᠦᠷ ᠠᠴᠠ ᠨᠠᠭᠠᠰᠢ ᠦᠷᠭᠦᠯᠵᠢᠯᠡᠭᠰᠡᠨ ᠶᠡᠭᠡ ᠴᠠᠰᠦᠨ ᠠᠴᠠ ᠪᠤᠯᠵᠦ᠂ ᠥᠪᠥᠷ ᠮᠣᠩᠭᠤᠯ ᠤᠨ ᠲᠦᠩᠯᠢᠶᠣᠤ ᠬᠤᠲᠠ ᠶᠢᠨ ᠬᠤᠷᠠᠭᠰᠠᠨ ᠴᠠᠰᠤ ᠨᠢ ᠬᠠᠮᠤᠭ ᠤᠨ ᠵᠤᠵᠠᠭᠠᠨ ᠳᠠᠭᠠᠨ  65  ᠰᠠᠨᠲ᠋ᠢᠮᠧᠲᠷ ᠲᠤ ᠬᠦᠷᠴᠡᠶ᠃ ᠵᠤᠳ ᠲᠤ ᠲᠦᠩᠯᠢᠶᠣᠤ ᠬᠤᠲᠠ ᠶᠢᠨ 8 ᠬᠤᠰᠢᠭᠤ ᠰᠢᠶᠠᠨ ᠲᠣᠭᠤᠷᠢᠭ ᠤᠨ 5609 ᠬᠥᠮᠦᠨ ᠭᠠᠮᠰᠢᠭᠳᠠᠵᠤ᠂ 1ᠬᠥᠮᠦᠨ ᠠᠳᠡᠵᠡᠶ᠃ ᠪᠠᠰᠠ ᠤᠯᠠᠩᠬᠢ ᠰᠤᠷᠭᠠᠭᠤᠯᠢ ᠨᠤᠭᠤᠳ ᠬᠢᠴᠢᠶᠡᠯ ᠵᠣᠭᠰᠣᠵᠤ᠂ ᠣᠯᠠᠨ ᠵᠠᠮ ᠱᠤᠭᠤᠮ ᠢ ᠬᠠᠭᠠᠭᠰᠠᠨ ᠪᠠᠶᠢᠨ᠎ᠠ᠃ ᠲᠦᠩᠯᠢᠶᠣᠤ ᠬᠤᠲᠠ ᠶᠢᠨ ᠴᠠᠭ ᠠᠭᠤᠷ ᠤᠨ ᠲᠣᠪᠴᠢᠶ᠎ᠠ ᠨᠢᠭᠡᠨᠲᠡ 4 ᠣᠳᠠᠭᠠᠨ ᠤ ᠶᠡᠭᠡ ᠴᠠᠰᠤᠨ ᠤ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠭᠰᠡᠨ ᠪᠠᠶᠢᠨ᠎ᠠ᠃                              9 ᠤ ᠥᠷᠯᠥᠭᠡ᠂ ᠥᠪᠥᠷ ᠮᠣᠩᠭᠤᠯ ᠤᠨ ᠴᠠᠭ ᠠᠭᠤᠷ ᠤᠨ ᠰᠢᠨᠵᠢᠯᠡᠭᠡᠨ ᠤ ᠰᠲ᠋ᠠᠨᠼ ᠦᠷᠭᠦᠯᠵᠢᠯᠡᠨ ᠵᠠᠮ ᠮᠥᠰᠥᠲᠦᠬᠦ ᠰᠢᠷ᠎ᠠ ᠥᠩᠭᠡ ᠶᠢᠨ ᠰᠡᠷᠡᠮᠵᠢ ᠨᠡᠶᠢᠲᠡᠯᠡᠵᠡᠢ᠃ 10 ᠤ ᠡᠳᠦᠷ᠂ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠪᠡᠶ᠎ᠡ᠂ ᠬᠢᠩᠭᠠᠨ ᠠᠶᠢᠮᠠᠭ ᠤᠨ ᠬᠤᠶᠢᠲᠤ ᠬᠡᠰᠡᠭ ᠪᠠ ᠵᠡᠭᠦᠨ ᠬᠡᠰᠡᠭ᠂ ᠬᠥᠯᠥᠨ ᠪᠤᠶᠢᠷ ᠬᠤᠲᠠ ᠶᠢᠨ ᠶᠡᠬᠡᠩᠬᠢ ᠭᠠᠵᠠᠷ ᠲᠤ ᠪᠠᠭ᠎ᠠ ᠴᠠᠰᠤ ᠲᠠᠢ ᠪᠠᠶᠢᠵᠤ᠂ ᠪᠤᠰᠤᠳ ᠭᠠᠵᠠᠷ ᠲᠤ ᠡᠬᠦᠯᠡᠰᠢᠨ᠎ᠡ᠃                              ᠬᠦᠢᠳᠡᠨ ᠤᠷᠤᠰᠬᠠᠯ ᠤᠨ ᠨᠥᠯᠥᠭᠡ ᠪᠠᠷ᠂ ᠴᠠᠰᠤ ᠣᠷᠣᠵᠤ ᠬᠦᠢᠳᠡᠷᠡᠭᠰᠡᠨ ᠤ ᠳᠠᠷᠠᠭ᠎ᠠ᠂ ᠵᠠ᠊  ᠮᠥᠰᠥᠲᠦᠵᠦ ᠬᠦᠯᠳᠡᠭᠰᠡᠨ ᠠᠴᠠ ᠶᠠᠪᠤᠵᠦ ᠰᠠᠭᠤᠬᠤ ᠳᠡᠷᠬᠡ ᠤᠨᠤᠭ᠎ᠠ ᠠᠳᠡᠯ ᠰᠠᠭᠠᠳᠠᠯ ᠳᠤ ᠣᠴᠠᠷᠠᠵᠦ ᠪᠠᠶᠢᠭ᠎ᠠ ᠶᠤᠮ᠃ ᠵᠢᠱᠢᠯᠲᠡ ᠪᠠᠷ ᠪᠠᠶᠠᠨᠨᠠᠭᠤᠷ ᠬᠤᠳᠠ ᠶᠢᠨ ᠵᠡᠭᠦᠨ ᠪᠡᠶ᠎ᠡ᠂ ᠤᠷᠳᠤᠰ ᠬᠤᠳᠠ᠂ ᠪᠤᠭᠤᠲᠤ ᠬᠤᠳᠠ᠂ ᠬᠥᠬᠡᠬᠤᠲᠠ᠂ ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠶᠢᠨ ᠵᠡᠭᠦᠨ ᠡᠮᠦᠨᠡᠲᠦ ᠪᠡᠶ᠎ᠡ ᠳᠤ ᠵᠠᠮ ᠮᠥᠰᠥᠲᠦᠵᠦ ᠬᠥᠯᠳᠡᠨ᠎ᠡ᠃ ᠬᠠᠮᠢᠶᠠᠳᠠᠢ ᠨᠢᠭᠡᠴᠡ ᠪᠣᠯᠤᠨ ᠬᠥᠮᠦᠰ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠴᠢᠬᠤᠯᠠᠲᠠᠢ ᠶᠤᠮ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1