ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2021/11/11
     ᠢᠳᠡᠭᠡᠨ ᠤ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠦᠨᠡᠨᠬᠦ ᠭᠦᠢᠴᠡᠳᠭᠡᠵᠦ᠂ ᠥᠷᠭᠡᠨ ᠤᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠥᠬᠡᠬᠤᠲᠠ ᠶᠢᠨ 2021 ᠣᠨ ᠤ 11 ᠬᠤᠪᠢ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠦᠨᠳᠦᠰᠦᠯᠡᠨ᠂ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠪᠡ᠃ ᠣᠲᠣ ᠪᠣᠯᠲᠠᠯ᠎ᠠ᠂ ᠨᠡᠶᠢᠲᠡ 237 ᠪᠦᠯᠦᠭ ᠢᠳᠡᠭᠡᠨ ᠤ ᠵᠦᠢᠯ ᠢ ᠰᠤᠭᠤᠯᠤᠨ ᠪᠠᠶᠢᠴᠠᠭᠠᠪᠠ᠃
     ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠲᠣᠰ ᠬᠠᠷᠢᠶ᠎ᠠ ᠣᠷᠣᠨ ᠤ ᠪᠠᠨ ᠥᠷᠭᠡᠨ ᠣᠯᠠᠨ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠪᠣᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1