ᠣᠯᠠᠨ ᠢᠶᠠᠷ ᠢᠶᠠᠨ ᠠᠵᠢᠯ ᠤᠨ ᠳᠤᠮᠳᠠ ᠪᠠᠨ ᠪᠦᠷ ᠴᠠᠭ ᠨᠡᠮᠡᠵᠦ ᠠᠵᠢᠯᠯᠠᠭᠰᠠᠨ ᠥᠩᠭᠡᠷᠡᠯᠲᠡ ᠲᠠᠢ ᠪᠠᠶᠢᠵᠤ | ᠂ ᠴᠠᠭᠨᠡᠮᠡᠵᠦ ᠠᠵᠢᠯᠯᠠᠬᠤ ᠠᠰᠠᠭᠤᠳᠠᠯ ᠨᠢ ᠶᠡᠷᠦ ᠨᠢ ᠬᠥᠮᠦᠰ ᠤᠨ ᠠᠩᠬᠠᠷᠤᠯ ᠢ ᠲᠠᠲᠠᠵᠤ ᠪᠠᠶᠢᠳᠠᠭ᠃ ᠲᠡᠭᠡᠪᠡᠯ᠂ | ᠴᠠᠭ ᠨᠡᠮᠡᠵᠦ ᠠᠵᠢᠯᠯᠠᠭᠰᠠᠨ ᠮᠥᠩᠭᠦ ᠶᠢ ᠬᠡᠷᠬᠢᠨ ᠪᠤᠳᠤᠬᠤ ᠶᠢ ᠮᠡᠳᠡᠨ᠎ᠡ ᠤᠤ︖ | ᠴᠠᠭ ᠨᠡᠮᠡᠵᠦ ᠠᠵᠢᠯᠯᠠᠭᠰᠠᠨ ᠮᠥᠩᠭᠦ ᠶᠢ ᠬᠡᠷᠬᠢᠨ ᠥᠭᠬᠦ ᠲᠤᠬᠠᠢ ᠬᠥᠳᠡᠯᠮᠦᠷᠢ ᠶᠢᠨ ᠬᠠᠤᠯᠢ ᠳᠤ ᠲᠣᠭᠲᠠᠭᠠᠯ | ᠲᠠᠢ ᠪᠠᠶᠢᠳᠠᠭ᠃ ᠬᠥᠮᠦᠨ ᠬᠡᠷᠡᠭᠯᠡᠬᠦ ᠨᠢᠭᠡᠴᠡ ᠬᠥᠳᠡᠯᠮᠦᠷᠢᠯᠡᠭᠴᠢ ᠳᠤ ᠠᠵᠢᠯᠯᠠᠬᠤ ᠴᠠᠭ ᠢ ᠤᠷᠲᠤᠳᠬᠠᠬᠤ ᠪᠠᠷ | ᠲᠣᠬᠢᠷᠠᠭᠤᠯᠪᠠᠯ᠂ ᠴᠠᠯᠢᠩ ᠤᠨ 150 % ᠠᠴᠠ ᠳᠣᠣᠷ᠎ᠠ ᠦᠭᠡᠶ ᠴᠠᠯᠢᠩ ᠬᠥᠯᠥᠰᠥ ᠣᠯᠭᠤᠬᠤ ᠬᠡᠷᠡᠭᠲᠡᠶ︔ | ᠠᠮᠠᠷᠠᠯᠲᠠ ᠶᠢᠨ ᠡᠳᠦᠷ ᠬᠥᠳᠡᠯᠮᠦᠷᠢᠴᠢᠳ ᠢ ᠠᠵᠢᠯᠯᠠᠭᠤᠯᠬᠤ ᠪᠠᠷ ᠲᠤᠬᠢᠷᠠᠭᠤᠯᠤᠬᠰᠠᠨ ᠪᠥᠭᠡᠳ ᠨᠥᠬᠦᠪᠥᠷᠢ | ᠠᠮᠠᠷᠠᠯᠲᠠ ᠲᠤᠬᠢᠷᠡᠭᠤᠯᠵᠦ ᠴᠢᠳᠠᠬᠤ ᠤᠢᠭᠡᠢ ᠪᠠᠶᠢᠪᠠᠯ ᠴᠠᠯᠢᠩ ᠤᠨ ᠬᠢᠨᠢ 200 % ᠠᠴᠠ ᠳᠣᠣᠷ᠎ᠠ ᠤᠢᠭᠡᠢ | ᠴᠠᠯᠢᠩ ᠬᠥᠯᠥᠰᠥ ᠣᠯᠭᠤᠨ᠎ᠠ︔ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠬᠥᠳᠡᠯᠮᠦᠷᠢᠴᠢᠳ ᠢ | ᠠᠵᠢᠯᠯᠠᠭᠤᠯᠬᠤ ᠪᠠᠷ ᠲᠤᠬᠢᠷᠠᠭᠤᠯᠤᠬᠰᠠᠨ ᠪᠠᠶᠢᠪᠠᠯ ᠴᠠᠯᠢᠩ ᠤᠨ ᠬᠢᠨᠢ 300 % ᠠᠴᠠ ᠳᠣᠣᠷ᠎ᠠ ᠤᠢᠭᠡᠢ ᠴᠠᠯᠢᠩ | ᠬᠥᠯᠥᠰᠥ ᠣᠯᠭᠤᠨ᠎ᠠ᠃ | |