ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ 120 ᠲᠦᠷᠭᠡᠨ ᠠᠪᠤᠷᠠᠯᠳᠠ ᠶᠢᠨ ᠠᠵᠢᠯ ᠤᠨ ᠥᠷᠲᠡᠭᠡ ᠠᠰᠢᠬᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2021/11/11
      ᠰᠤᠷᠪᠤᠯᠵᠢᠯᠠᠭᠴᠢ  ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ ᠤ‍‌ᠵᠢᠯᠠᠭᠠᠭᠰᠠᠨ ᠢᠶᠠᠷ᠂  ᠲᠦᠷᠦᠬᠦᠭᠡᠨ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ 120 ᠡᠮᠨᠡᠯᠭᠡ ᠳᠤ ᠤᠷᠤᠬᠤ ᠠᠴᠠ ᠡᠮᠦᠨᠡᠬᠢ ᠲᠦᠷᠭᠡᠨ ᠠᠪᠤᠷᠠᠯᠳᠠ ᠶᠢᠨ ᠠᠵᠢᠯ ᠤᠨ ᠥᠷᠲᠡᠭᠡ ᠠᠰᠢᠬᠯᠠᠯᠳᠠ ᠳᠤ ᠤᠷᠤᠪᠠ᠃                      ᠲᠤᠰ ᠡᠮᠨᠡᠯᠭᠡ ᠶᠢᠨ ᠬᠤᠷᠢᠶᠠᠨ ᠤ 120 ᠡᠮᠨᠡᠯᠭᠡ ᠳᠤ ᠤᠷᠤᠬᠤ ᠠᠴᠠ ᠡᠮᠦᠨᠡᠬᠢ ᠲᠦᠷᠭᠡᠨ ᠠᠪᠤᠷᠠᠯᠳᠠ ᠵᠢᠨ‌ᠠᠵᠢᠯ ᠤᠨ  ᠥᠷᠲᠡᠭᠡ ᠪᠠᠶᠢᠭᠤᠯᠤᠭᠳᠠᠭᠰᠠᠨ ᠨᠢ ᠪᠦᠬᠦ ᠠᠶᠢᠮᠠᠭ ᠤᠨ ᠡᠮᠨᠡᠯᠭᠡ ᠳᠤ ᠤᠷᠤᠬᠤ ᠠᠴᠠ ᠡᠮᠦᠨᠡᠬᠢ ᠲᠦᠷᠭᠡᠨ ᠠᠪᠤᠷᠠᠯᠳᠠ ᠶᠢᠨ ᠠᠵᠢᠯ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠬᠤ ᠪᠥᠭᠡᠳ ᠪᠦᠬᠦ ᠠᠶᠢᠮᠠᠭ ᠤᠨ ᠡᠮᠨᠡᠯᠭᠡ ᠳᠤ ᠤᠷᠤᠬᠤ ᠠᠴᠠ ᠡᠮᠦᠨᠡᠬᠢ ᠲᠦᠷᠭᠡᠨ ᠠᠪᠤᠷᠠᠯᠳᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠥᠷᠭᠡᠳᠬᠡᠭᠰᠡᠨ ᠪᠠᠶᠢᠨ᠎ᠠ᠃ ᠬᠤᠶᠢᠰᠢᠳᠠ᠂ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠡᠮᠨᠡᠯᠭᠡ ᠳᠤ ᠤᠷᠤᠬᠤ ᠠᠴᠠ ᠡᠮᠦᠨᠡᠬᠢ ᠲᠦᠷᠭᠡᠨ ᠠᠪᠤᠷᠠᠯᠳᠠ ᠶᠢᠨ ᠠᠵᠢᠯ ᠳᠤ ᠢᠳᠡᠪᠬᠢᠲᠡᠶ ᠣᠷᠣᠯᠴᠠᠵᠤ᠂ ︽ᠡᠮᠨᠡᠯᠭᠡ ᠳᠤ ᠤᠷᠤᠬᠤ ᠠᠴᠠ ᠡᠮᠦᠨᠡᠬᠢ ᠡᠮᠨᠡᠯᠭᠡ ᠶᠢᠨ ᠬᠤᠷᠢᠶᠠᠨ ᠤ ᠳᠣᠲᠣᠷᠠᠬᠢ︾᠂ ︽ᠲᠦᠷᠭᠡᠨ ᠡᠮᠨᠡᠯᠭᠡ ᠲᠤᠰᠬᠠᠶ ᠰᠠᠯᠠᠭ᠎ᠠ︾ ᠶᠢ ᠨᠢᠭᠡ ᠴᠤᠭᠴᠠᠵᠢᠭᠤᠯᠤᠭᠰᠠᠨ ᠮᠣᠩᠭᠤᠯ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠪᠠᠴᠢᠮ  ᠲᠦᠭᠰᠢᠭᠦᠷᠢᠲᠡᠶ ᠬᠦᠨᠳᠦ ᠡᠪᠡᠳᠴᠢᠲᠡᠨ ᠢ ᠠᠪᠤᠷᠠᠨ ᠵᠠᠰᠠᠬᠤ ᠰᠠᠭᠤᠷᠢᠨ ᠪᠠᠶᠢᠭᠤᠯᠬᠤ ᠪᠠᠷ ᠲᠦᠯᠦᠪᠯᠡᠵᠤ ᠪᠤᠢ᠃ ᠤ‍‌ᠵᠢᠯᠠᠭᠠᠭᠰᠠᠨ ᠨᠢ᠂ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭ᠎ᠠ ᠨᠢ ᠤᠯᠠᠮᠵᠢᠯᠠᠯᠲᠤ ᠮᠣᠩᠭᠤᠯ ᠡᠮᠨᠡᠯᠭᠡ ᠬᠢᠭᠡᠳ ᠣᠲᠣ ᠦᠶ᠎ᠡ ᠶᠢᠨ ᠲᠦᠷᠭᠡᠨ ᠡᠮᠨᠡᠬᠦ ᠲᠦᠷᠭᠡᠨ ᠠᠪᠤᠷᠬᠠᠤ ᠶᠢ ᠬᠠᠷᠢᠯᠴᠠᠨ‌ᠤᠶᠠᠯᠳᠤᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠰᠠᠯᠠᠭ᠎ᠠ ᠲᠠᠰᠤᠭ᠂ ᠠᠯᠠᠱᠠ ᠠᠶᠢᠮᠠᠭ ᠤᠨ ᠭᠤᠤᠯ ᠡᠮᠨᠡᠯᠭᠡ ᠶᠢᠨ ᠬᠤᠷᠢᠶᠠᠨ ᠤ120 ᠵᠢᠯᠣᠭᠤᠳᠬᠤ ᠲᠥᠪ ᠤᠨ ᠰᠦᠯᠵᠢᠶ᠎ᠡ ᠬᠤᠯᠪᠣᠭᠰᠠᠨ ᠨᠢᠭᠡᠴᠢ ᠮᠥᠨ᠃ ᠪᠦᠷᠢᠨ ᠲᠡᠭᠦᠯᠳᠡᠷ ᠲᠥᠬᠦᠭᠡᠷᠦᠮᠵᠢ ᠲᠠᠢ ᠲᠦᠷᠭᠡᠨ ᠠᠪᠤᠷᠠᠯᠳᠠ ᠲᠡᠷᠭᠡ ᠲᠠᠢ᠂ ᠡᠭᠦᠨ ᠤ ᠬᠠᠮᠲᠤ 8 ᠡᠮᠴᠢ᠂ 12 ᠰᠤᠪᠢᠯᠠᠭᠴᠢ ᠲᠠᠢ᠂ ᠴᠥᠮ ᠲᠦᠷᠭᠡᠨ ᠡᠮᠨᠡᠬᠦ ᠲᠦᠷᠭᠡᠨ ᠠᠪᠤᠷᠬᠠᠤ ᠠᠵᠢᠯ ᠤᠨ ᠲᠤᠷᠰᠢᠯᠭ᠎ᠠ ᠪᠠ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭ᠎ᠠ ᠳᠤ ᠬᠦᠷᠴᠦ ᠳᠠᠪᠲᠠᠨ ᠪᠣᠯᠪᠠᠰᠤᠷᠠᠭᠰᠠᠨ ᠥᠩᠭᠡᠷᠡᠯᠲᠡ ᠲᠠᠢ ᠪᠠᠶᠢᠵᠤ᠂ ᠨᠡᠯᠢᠶᠡᠳ ᠴᠢᠩᠭ᠎ᠠ ᠠᠪᠤᠷᠠᠨ ᠡᠮᠨᠡᠬᠦ ᠴᠢᠳᠠᠪᠤᠷᠢ ᠲᠠᠢ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1