ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠴᠠᠩ ᠫᠧᠶ ᠵᠦᠩ ᠨᠡᠷ ᠮᠠᠨ ᠤ ᠰᠢᠶᠠᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2021/11/12
     11 ᠳ᠋ᠤᠭᠡᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠠᠩ ᠫᠸᠢ ᠵᠥᠩ ᠨᠡᠷ ᠲᠣᠭᠲᠠᠬᠤ ᠰᠢᠶᠠᠨ ᠤ ᠯᠢ ᠰᠢᠩ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠺᠣᠮᠫᠠᠨᠢ᠂ ᠯᠧ ᠺᠧ ᠠᠮᠢᠳᠤ ᠪᠣᠳᠠᠰ ᠤᠨ ᠮᠡᠷᠭᠡᠵᠢᠯ ᠤᠨ ᠺᠣᠮᠫᠠᠨᠢ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠭᠲᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠲᠤ ᠭᠦᠨᠵᠡᠭᠡᠶᠢᠷᠡᠨ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃      ᠴᠠᠩ ᠫᠸᠢ ᠵᠦᠩ ᠯᠢ ᠰᠢᠩ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠶᠢᠨ 1.5 ᠲᠦᠮᠡᠨ ᠲᠣᠯᠣᠭᠠᠢ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠣᠭᠤᠷᠢᠭ ᠤᠨ ᠪᠠᠷᠢᠯᠭ᠎ᠠ ᠶᠢᠨ ᠭᠠᠵᠠᠷ ᠲᠤ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠪᠣᠯᠤᠨ ᠢᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠷᠢᠯᠭ᠎ᠠ ᠶᠢᠨ ᠠᠵᠢᠯ ᠤᠨ ᠠᠬᠢᠴᠠ ᠪᠣᠯᠤᠨ ᠠᠰᠠᠭᠤᠳᠠᠯ ᠬᠦᠴᠢᠷᠳᠡᠯ ᠲᠤᠯᠭᠠᠷᠠᠭᠰᠠᠨ ᠢ ᠯᠠᠪᠯᠠᠨ ᠠᠰᠠᠭᠤᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠥᠭᠵᠢᠯᠲᠡ ᠳᠤ ᠢᠳᠡᠪᠬᠢᠲᠡᠢ ᠪᠠᠷ ᠦᠢᠯᠡᠴᠢᠯᠡᠵᠦ᠂ ᠠᠵᠤ ᠠᠬᠤᠶᠢᠯᠠᠯ ᠤᠨ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠥᠪᠥᠷ ᠮᠣᠩᠭᠤᠯ ᠤᠨ ᠯᠧ ᠺᠧ ᠠᠮᠢᠳᠤ ᠪᠣᠳᠠᠰ ᠤᠨ ᠮᠡᠷᠭᠡᠵᠢᠯ ᠤᠨ ᠺᠣᠮᠫᠠᠨᠢ ᠳᠤ᠂ ᠴᠠᠩ ᠫᠸᠢ ᠵᠥᠩ ᠨᠡᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠺᠣᠮᠫᠠᠨᠢ ᠶᠢᠨ ᠮᠡᠷᠭᠡᠵᠢᠯ ᠤᠨ ᠲᠤᠰᠬᠠᠶ ᠮᠡᠷᠭᠡᠵᠢᠯᠲᠡᠳ ᠲᠠᠢ ᠲᠤᠬᠠᠶ ᠶᠢᠨ ᠲᠠᠯᠠᠪᠠᠶ ᠶᠢᠨ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ ᠠᠵᠤ ᠠᠬᠤᠶᠢᠯᠠᠯ ᠤᠨ ᠰᠠᠭᠠᠯᠢ ᠶᠢᠨ ᠬᠤᠨᠢᠨ ᠤ ᠠᠵᠤ ᠦᠢᠯᠡᠰ ᠤᠨ ᠬᠥᠭᠵᠢᠯᠲᠡ ᠪᠠ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠢᠷᠡᠭᠡᠳᠦᠶ ᠶᠢᠨ ᠲᠥᠯᠥᠪᠵᠢᠭᠦᠯᠭᠡ ᠶᠢ ᠰᠣᠨᠣᠰᠴᠤ᠂ ᠠᠵᠤ ᠠᠬᠤᠶᠢᠯᠠᠯ ᠢ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠠᠶᠢᠨ ᠡᠭᠦᠯᠳᠡᠷ ᠢ ᠪᠤᠶᠢᠵᠢᠭᠤᠯᠵᠤ᠂ ᠰᠠᠶᠢᠨ ᠬᠤᠨᠢ ᠲᠡᠵᠢᠭᠡᠵᠦ᠂ ᠰᠠᠶᠢᠨ ᠰᠠᠭᠠᠯᠢ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠂ ᠰᠠᠭᠠᠯᠢ ᠶᠢᠨ ᠬᠤᠨᠢᠨ ᠤ ᠴᠠᠭᠠᠨ ᠢᠳᠡᠭᠡᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠲᠠ᠂ ᠰᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠪᠰᠤᠷᠴᠤ᠂ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠶᠦᠨ ᠵᠦᠩ ᠤᠨ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠭᠲᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠳᠤ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ ᠠᠴᠠ ᠪᠠᠶᠢᠴᠠᠭᠠᠨ ᠰᠤᠳᠤᠯᠬᠤ ᠳᠤᠭᠤᠶᠢᠯᠠᠩ ᠳᠤ ᠲᠣᠭᠲᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠭᠰᠡᠨ ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ ᠬᠤᠲᠠ᠂ ᠰᠢᠶᠠᠨ ᠤ ᠤᠯᠠᠨ ᠵᠢᠯ ᠤᠨ ᠲᠤᠷᠰᠢ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠳᠤ ᠦᠵᠡᠭᠦᠯᠦᠭᠰᠡᠨ ᠬᠠᠪᠰᠤᠷᠤᠯᠭ᠎ᠠ ᠪᠠ ᠢᠳᠡᠪᠬᠢᠲᠡᠢ ᠳᠡᠮᠵᠢᠯᠭᠡ ᠳᠤ ᠲᠠᠯᠠᠷᠬᠠᠪᠠ᠃ ᠴᠠᠩ ᠫᠸᠢ ᠵᠥᠩ ᠢᠯᠡᠷᠬᠡᠶᠢᠯᠡᠬᠦ ᠳᠡᠭᠡᠨ᠂ ᠵᠠᠰᠠᠭ ᠤᠨ ᠣᠷᠳᠣᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ ᠨᠠᠩ ᠰᠠᠶᠢᠨ ᠰᠠᠶᠢᠬᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠢ ᠡᠭᠦᠳᠦᠨ ᠥᠭᠴᠦ᠂ ᠲᠡᠳᠡᠨ ᠢ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠢᠶᠠᠨ ᠥᠷᠨᠢᠭᠦᠯᠬᠦ ᠬᠡᠷᠡᠭᠲᠡᠶ ᠭᠡᠵᠡᠶ᠃ ᠡᠭᠦᠨ ᠤ ᠬᠠᠮᠲᠤ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠨ ᠲᠣᠭᠲᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠤ ᠪᠦᠲᠦᠭᠡᠨ ᠪᠠᠶᠢᠭᠤᠯᠤᠯᠲᠠ ᠪᠣᠯᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠤᠯᠪᠣᠯᠳᠤᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠪᠦᠬᠦ ᠬᠤᠲᠠ ᠶᠢᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠬᠦ ᠬᠡᠷᠡᠭᠳᠡᠢ ᠭᠡᠪᠡ᠃      ᠴᠠᠩ ᠫᠸᠢ ᠵᠦᠩ᠂ ᠲᠤᠭᠳᠠᠬᠤ ᠰᠢᠶᠠᠨ ᠡᠷᠬᠡᠪᠰᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠶᠡᠬᠡᠪᠡᠷ ᠠᠬᠢᠭᠤᠯᠵᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠵᠢᠱᠢᠶ᠎ᠡ ᠦᠵᠡᠭᠦᠯᠦᠨ ᠳᠠᠶᠢᠴᠢᠯᠠᠬᠤ ᠶᠢ ᠰᠠᠶᠢᠲᠤᠷ ᠠᠳᠬᠤᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠲᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠭᠦᠸᠧ ᡁᠢ ᠭᠠᠩ ᠪᠣᠯᠤᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠮᠠᠨ ᠤ ᠰᠢᠶᠠᠨ ᠤ ᠤᠳᠤᠷᠢᠳᠤᠯᠭ᠎ᠠ ᠭᠤᠤ ᠵᠧᠩ᠂ ᠰᠦᠨ ᠰᠢᠶᠦ᠋ᠨ᠂ ᠵᠢᠶ ᠶᠠ ᠨᠠᠨ᠂ ᠰᠢᠶᠧ ᠴᠦᠨ ᠯᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1