ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠹᠠᠩ ᠮᠠᠨ ᠤ ᠰᠢᠶᠠᠨ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2021/11/14
      11 ᠳ᠋ᠤᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠹᠠᠩ ᠮᠠᠨ ᠤ ᠰᠢᠶᠠᠨ ᠳᠤ ᠢᠷᠡᠵᠦ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠲᠦᠭᠡᠮᠡᠯ ᠬᠠᠶᠢᠷ᠎ᠠ ᠶᠢᠨ ᠬᠡᠷ ᠣᠷᠣᠨ︾ ᠤ ᠲᠥᠷᠥᠯ ᠵᠦᠢᠯ᠂ ᠬᠥᠮᠦᠯᠢᠭ ᠰᠣᠶᠣᠯ ᠤᠨ ᠤᠯᠠᠮᠵᠢᠯᠠᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠠᠬᠢᠴᠠ ᠶᠢᠨ ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠭᠰᠠᠨ ᠪᠥᠭᠡᠳ ᠬᠠᠮᠢᠶ᠎ᠠ ᠪᠥᠬᠦᠶ ᠠᠵᠢᠯ ᠢ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠵᠠᠩ ᠵᠧᠨ ᠬᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠱᠤᠸᠠᠩ ᠾᠧ ᠪᠠᠯᠭᠠᠰᠤᠨ ᠤ ᠫᠢᠩ ᠠᠨ ᠵᠠᠮ ᠤᠨ ᠨᠡᠶᠢᠭᠡᠮ ᠲᠣᠭᠤᠷᠢᠭ᠂ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠲᠠᠰᠤᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠭᠠᠵᠠᠷ ᠲᠤ ᠬᠦᠷᠴᠦ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠪᠣᠳᠠᠲᠠᠶ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠮᠠᠨ ᠤ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠲᠦᠭᠡᠮᠡᠯ ᠬᠠᠶᠢᠷ᠎ᠠ ᠶᠢᠨ ᠬᠡᠷ ᠣᠷᠣᠨ︾ ᠤ ᠲᠥᠷᠥᠯ ᠵᠦᠢᠯ᠂ ᠬᠥᠮᠥᠡᠯᠢᠭ ᠰᠣᠶᠣᠯ ᠤᠨ ᠤᠯᠠᠮᠵᠢᠯᠠᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠴᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ 2021 ᠣᠨ ᠤ ᠭᠤᠤᠯᠳᠠᠯᠭ᠎ᠠ ᠲᠠᠢ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ ᠵᠠᠷᠤᠯᠭ᠎ᠠ᠂ ᠬᠢᠨᠠᠭᠴᠢᠳ ᠤᠨ ᠵᠥᠪᠯᠡᠯ ᠪᠠᠶᠢᠭᠤᠯᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ᠦᠢᠯᠡᠰ ᠪᠣᠯ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷᠠᠬᠢ ᠬᠥᠮᠦᠯᠢᠭ ᠦᠵᠡᠯ ᠤᠨ ᠦᠢᠯᠡᠰ ᠪᠣᠯᠬᠤ ᠶᠢ ᠭᠦᠨᠵᠡᠭᠡᠢ ᠲᠠᠨᠢᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠬᠠᠪᠰᠤᠷᠤᠭᠴᠢ ᠪᠠ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠨᠡᠶᠢᠭᠡᠮ ᠲᠣᠭᠤᠷᠢᠭ ᠲᠤ ᠨᠡᠶᠢᠳᠡᠮ ᠪᠦᠷᠬᠦᠭᠦᠯᠬᠦ ᠶᠢ ᠬᠦᠴᠦᠯᠡᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠪᠣᠯᠪᠠᠰᠤᠷᠠᠭᠤᠯᠤᠯ ᠢ ᠴᠢᠩᠭᠠᠳᠬᠠᠨ᠂ ᠤᠯᠠᠭᠠᠨ ᠵᠠᠭᠠᠯᠮᠠᠶᠢᠲᠠᠨ ᠤ ︽ᠪᠠᠶᠢᠭᠤᠯᠭ᠎ᠠ ᠳᠤ ᠣᠷᠣᠬᠤ᠂ ᠰᠤᠷᠭᠠᠭᠤᠯᠢ ᠳᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ᠂ ᠬᠥᠳᠡᠭᠡ ᠲᠣᠰᠬᠤᠨ ᠳᠤ ᠣᠷᠣᠬᠤ᠂ ᠠᠵᠤ ᠠᠬᠤᠶᠢᠯᠠᠯ ᠳᠤ ᠣᠷᠣᠬᠤ︾ ᠠᠵᠢᠯᠯᠠᠭ᠎ᠠ ᠶᠢ ᠠᠬᠢᠭᠤᠯᠵᠤ᠂ ᠲᠣᠭᠲᠠᠴᠠ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠡᠭᠦᠯᠳᠡᠷᠵᠢᠭᠦᠯᠵᠦ᠂ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠪᠠ ᠠᠷᠠᠳ ᠤᠯᠠᠨ ᠳᠤ ᠨᠡᠩ ᠰᠠᠶᠢᠨ ᠦᠢᠯᠡᠴᠢᠯᠡᠵᠦ᠂ ᠬᠠᠶᠢᠷ᠎ᠠ ᠰᠡᠳᠬᠢᠯᠭᠡ ᠪᠠᠨ ᠨᠡᠶᠢᠭᠡᠮ ᠳᠤ ᠡᠷᠭᠦᠬᠦ᠂ ᠦᠨᠡᠨ ᠰᠡᠳᠬᠢᠯᠭᠡ ᠪᠠᠷ ᠢᠶᠠᠨ ᠬᠥᠮᠦᠰ ᠤᠨ ᠰᠡᠳᠬᠢᠯ ᠢ ᠳᠤᠯᠠᠭᠠᠴᠠᠭᠤᠯᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠭᠠᠨ ᠵᠠᠭᠠᠯᠮᠠᠶᠢᠳᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ      ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠢᠯᠡᠷᠬᠡᠶᠢᠯᠡᠬᠦ ᠳᠡᠭᠡᠨ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢᠲᠠᠶ ᠲᠥᠷᠥᠭᠳᠡᠯ ᠣᠯᠭᠤᠵᠤ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠪᠠᠷᠠᠭᠳᠠᠰᠢ ᠥᠬᠡᠶ ᠬᠥᠳᠡᠯᠭᠡᠬᠦ ᠬᠦᠴᠦᠨ ᠬᠠᠩᠭᠠᠨ᠎ᠠ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1