11 ᠳ᠋ᠤᠭᠡᠷ ᠰᠠᠷ᠎ᠠ ᠶᠢᠨ 15 ᠤ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠭᠤᠣᠯᠳᠠᠯᠭ᠎ᠠ ᠲᠠᠢ | ᠲᠦᠷᠦᠯ ᠵᠦᠢᠯ ᠢ ᠠᠬᠢᠭᠤᠯᠬᠤ᠂ ᠠᠵᠤ ᠠᠬᠤᠶᠢᠯᠠᠯᠲᠠᠨ ᠤ ᠰᠠᠨᠠᠯ ᠰᠠᠨᠠᠭᠤᠯᠭ᠎ᠠ ᠶᠢ ᠨᠢᠭᠤᠷᠳᠠᠨ ᠰᠣᠨᠣᠰᠴᠤ᠂ | ᠲᠦᠷᠦᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠤᠨᠢᠨ ᠳᠡᠭᠡᠷ᠎ᠡ ᠨᠢ ᠵᠣᠯᠭᠠᠭᠤᠯᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ | ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ | ᠵᠧᠩ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠵᠢᠦ ᠲᠠᠢ BDO᠂ ᠵᠢᠦ ᠲᠠᠢ ᠰᠢᠩᠭᠡᠨ ᠤᠰᠤᠲᠥ᠋ᠷᠥᠭᠴᠢ ᠵᠡᠷᠭᠡ 14 ᠠᠵᠤ | ᠠᠬᠤᠶᠢᠯᠠᠯ ᠤᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠠᠰᠠᠭᠤᠳᠠᠯ ᠢ ᠲᠠᠨᠢᠯᠴᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠬᠠᠢ ᠶᠢᠨ | ᠲᠠᠯᠠᠪᠠᠢ ᠳᠤ ᠬᠠᠷᠢᠭᠤᠯᠲᠠ ᠥᠭᠴᠡᠢ᠃ ᠬᠤᠷᠠᠯ ᠠᠴᠠ᠂ ᠭᠤᠣᠯᠳᠠᠯᠭ᠎ᠠ ᠲᠠᠢ ᠲᠦᠷᠦᠯ ᠵᠦᠢᠯ ᠪᠣᠯ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠠ ᠬᠦᠴᠦᠲᠡᠢ | ᠲᠤᠯᠭᠠᠭᠤᠷᠢᠯᠠᠯ ᠪᠣᠯᠤᠨ᠎ᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠣᠭᠲᠠᠬᠤ ᠶᠢᠨ ᠬᠥᠭᠵᠢᠯᠲᠡ ᠳᠤ ᠬᠠᠷᠢᠭᠤᠴᠠᠬᠤ᠂ ᠨᠤᠲᠤᠭ ᠤᠨ | ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠲᠦᠷᠦᠯ ᠵᠦᠢᠯ ᠢ ᠶᠡᠬᠡᠪᠡᠷ ᠠᠳᠬᠤᠬᠤ᠂ ᠲᠤᠮᠤ ᠲᠦᠷᠦᠯ ᠵᠦᠢᠯ ᠢ | ᠠᠳᠬᠤᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ | ᠪᠦᠬᠦ ᠲᠠᠯ᠎ᠠ ᠪᠠᠷ ᠡᠮᠬᠢᠯᠡᠵᠦ᠂ ᠣᠨ ᠤ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ᠪᠠᠷᠢᠯᠭ᠎ᠠ ᠶᠢᠨ ᠠᠬᠢᠴᠠ ᠶᠢ ᠴᠢᠩᠭᠠᠳᠬᠠᠵᠤ᠂ ︽ᠠᠰᠠᠷᠠᠭᠴᠢ︾ ᠮᠠᠶ᠋ᠢᠭ ᠤᠨ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ | ᠠᠬᠢᠴᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠢᠷᠡᠬᠦ ᠵᠢᠯ ᠤᠨ ᠭᠤᠣᠯᠳᠠᠯᠭ᠎ᠠ ᠲᠠᠢ | ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ︽ᠭᠦᠶᠦᠬᠦ ᠮᠠᠶ᠋ᠢᠭ︾ ᠤᠨ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠡᠷᠴᠢᠮ ᠢ ᠴᠢᠩᠭᠠᠷᠠᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠪᠡᠯᠡ | ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠠᠵᠤ ᠦᠢᠯᠡᠰ ᠤᠨ ᠲᠡᠰ ᠳᠠᠪᠬᠤᠷᠭ᠎ᠠ ᠪᠠᠷ ᠥᠨᠳᠥᠷ ᠲᠤᠮᠤ ᠲᠦᠷᠦᠯ | ᠵᠦᠢᠯ᠂ ᠰᠠᠶᠢᠨ ᠲᠦᠷᠦᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠨᠡᠩ ᠤᠯᠠᠨ ᠰᠢᠨ᠎ᠡ ᠠᠵᠤ | ᠠᠬᠤᠢ ᠶᠢᠨ ᠨᠡᠮᠡᠭᠳᠡᠯ ᠤᠨ ᠴᠢᠭ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ | | | | | ᠬᠤᠷᠠᠯ ᠠᠴᠠ᠂ ᠴᠢᠩᠭ᠎ᠠ ᠬᠦᠴᠦᠲᠡᠢ ᠦᠢᠯᠡᠴᠢᠯᠡᠭᠡᠨ ᠤ ᠤᠬᠠᠮᠰᠠᠷ ᠢ ᠪᠤᠢ ᠪᠣᠯᠭᠠᠵᠤ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ ᠡᠷᠬᠢᠯᠡᠬᠦ ᠶᠠᠪᠤᠴᠠ ᠶᠢ | ᠰᠢᠯᠢᠳᠡᠭᠵᠢᠭᠦᠯᠵᠦ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠪᠣᠯᠤᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠲᠡᠷᠢᠭᠦᠨ ᠤ ᠦᠢᠯᠡᠴᠢᠯᠡᠭᠡ ᠬᠠᠩᠭᠠᠵᠤ᠂ ᠲᠡᠷᠢᠭᠦᠨ ᠤ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠠᠵᠤ ᠠᠬᠤᠶᠢᠯᠠᠯ ᠤᠨ ᠲᠤᠰᠬᠠᠯ ᠲᠥᠪᠯᠡᠷᠡᠭᠰᠡᠨ ︽ | ᠡᠪᠡᠷᠰᠢᠶᠡᠯ ᠲᠠᠢ ᠭᠠᠵᠠᠷ︾ ︽ᠲᠦᠭᠵᠢᠷᠡᠯ ᠲᠠᠢ ᠭᠠᠵᠠᠷ︾ ᠪᠠ ︽ᠬᠦᠴᠢᠷ ᠠᠰᠠᠭᠤᠳᠠᠯ︾ ᠤᠨ ᠲᠣᠭᠤᠷᠢᠨ ᠳᠤ᠂ | ᠨᠡᠪᠲᠡᠷᠡᠯᠴᠡᠨ ᠰᠣᠯᠢᠯᠴᠠᠬᠤ ᠪᠠᠨ ᠴᠢᠩᠭᠠᠳᠬᠠᠵᠤ᠂ ᠢᠳᠡᠪᠬᠢᠲᠡᠶ ᠪᠠᠷ ᠡᠮᠦᠨ᠎ᠡ ᠹᠷᠣᠨᠲ ᠲᠤ ᠬᠠᠪᠰᠤᠷᠤᠨ | ᠭᠦᠢᠴᠡᠳᠭᠡᠵᠦ᠂ ᠠᠵᠤ ᠠᠬᠤᠶᠢᠯᠠᠯ ᠤᠨ ᠵᠠᠰᠠᠭ ᠤᠨ ᠣᠷᠳᠣᠨ ᠳᠤ ᠠᠰᠠᠭᠤᠳᠠᠯ ᠢ ᠲᠤᠰᠬᠠᠬᠤ ᠪᠠ ᠵᠠᠰᠠᠭ ᠤᠨ | ᠣᠷᠳᠣᠨ ᠠᠴᠠ ᠠᠵᠤ ᠠᠬᠤᠶᠢᠯᠠᠯ ᠤᠨ ᠠᠰᠠᠭᠤᠳᠠᠯ ᠢ ᠰᠢᠢᠳᠪᠦᠷᠢᠯᠡᠬᠦ ᠳᠤ ᠬᠠᠷᠰᠢ ᠰᠠᠭᠠᠳ ᠥᠬᠡᠶ ᠳᠥᠭᠦᠮ ᠳᠥᠲᠡ | ᠵᠠᠮ ᠢ ᠪᠠᠶᠢᠭᠤᠯᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠨᠠᠩ ᠴᠥᠭᠡᠨ ᠪᠣᠯᠭᠠᠵᠤ᠂ ᠭᠦᠢᠴᠡᠳᠭᠡᠬᠦ | ᠬᠤᠷᠳᠤᠴᠠ ᠶᠢ ᠨᠠᠩ ᠲᠦᠷᠭᠡᠨ ᠪᠣᠯᠭᠠᠬᠤ ᠬᠡᠷᠡᠭᠲᠡᠶ᠃ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠤ ᠵᠥᠪᠬᠡᠨ ᠶᠠᠪᠤᠭᠳᠠᠬᠤ ᠴᠠᠭ ᠪᠠᠶᠢᠬᠤ ᠠᠴᠠ ᠪᠢᠰᠢ᠂ ᠳᠠᠭᠤᠰᠬᠤ ᠴᠠᠭ ᠪᠠᠶᠢᠬᠤ ᠦᠭᠡᠢ︾ ᠭᠡᠬᠦ | ᠦᠵᠡᠯ ᠤᠬᠠᠮᠰᠠᠷ ᠢ ᠴᠠᠭ ᠢᠮᠠᠭᠲᠠ ᠪᠤᠢ ᠪᠣᠯᠭᠠᠵᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ | ᠬᠠᠪᠰᠤᠷᠤᠨ ᠵᠢᠯᠣᠭᠤᠳᠬᠤ ᠶᠢ ᠴᠢᠨᠠᠭᠰᠢᠳᠠ ᠰᠠᠶᠢᠲᠤᠷ ᠬᠢᠬᠦ ᠬᠡᠷᠡᠭᠲᠡᠢ᠃ ᠠᠭᠤᠵᠢᠭᠤ ᠲᠠᠯᠪᠢᠭᠤ ᠡᠶ᠎ᠡ ᠵᠣᠬᠢᠴᠠᠩᠭᠤᠢ | ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠢᠳᠡᠪᠬᠢᠲᠡᠢ ᠡᠮᠬᠢ | ᠳᠢᠭᠯᠢᠮ ᠲᠠᠢ ᠪᠠᠷ ᠦᠢᠯᠡᠳᠪᠦᠷᠢᠯᠡᠯ ᠤᠨ ᠦᠷ᠎ᠡ ᠪᠦᠲᠦᠮᠵᠢ ᠣᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ | ᠢᠲᠡᠭᠡᠯ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠵᠤ᠂ ᠪᠦᠬᠦ ᠰᠢᠶᠠᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ᠂ | ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠪᠠ᠃ |