ᠯᠢ ᠴᠦᠨ ᠶᠠᠨ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠵᠢᠯ ᠤᠨ ᠡᠬᠢᠨ ᠤ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ ᠪᠦᠬᠦ ᠰᠢᠶᠠᠨ ᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡ᠊
ᠨᠡᠶᠢᠲᠡᠯᠡᠭᠰᠡᠨ ᠴᠠᠭ᠄
2021/11/18
     11 ᠳ᠋ᠤᠭᠡᠷ ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠥᠬᠦ ᠰᠢᠶᠠᠨ ᠤ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ︽ᠠᠵᠤ ᠦᠢᠯᠡᠰ ᠢ ᠠᠳᠬᠤᠬᠤ᠂ ᠲᠥᠷᠥᠯ ᠵᠦᠢᠯ ᠢ ᠠᠳᠬᠤᠬᠤ᠂ ᠬᠤᠳᠠᠯᠳᠤᠭᠠᠴᠢᠨ ᠤᠷᠢᠬᠤ ᠶᠢ ᠠᠳᠬᠤᠬᠤ︾ ᠠᠵᠢᠯ ᠤᠨ ᠭᠤᠤᠯ ᠱᠤᠭᠤᠮ ᠲᠠᠢ ᠨᠢᠭᠲᠠ ᠤᠶᠠᠯᠳᠤᠭᠤᠯᠤᠨ᠂ ᠵᠢᠯ ᠤᠨ ᠡᠬᠢᠨ ᠤ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠪᠠᠷ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠢᠷᠡᠬᠦ ᠵᠢᠯ ᠤᠨ ᠠᠵᠤ ᠠᠬᠤᠶ ᠶᠢᠨ ᠠᠵᠢᠯ ᠢ ᠤᠷᠢᠳᠴᠢᠯᠠᠨ ᠲᠥᠯᠥᠪᠯᠡᠵᠦ᠂ ᠪᠥᠬᠦ ᠰᠢᠶᠠᠨ ᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃
     ᠬᠤᠷᠠᠯ ᠠᠴᠠ ᠪᠦᠬᠦ ᠰᠢᠶᠠᠨ ᠤ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠲᠥᠪᠯᠡᠷᠡᠭᠦᠯᠦᠨ ᠰᠢᠢᠳᠪᠦᠷᠢᠯᠡᠵᠦ ᠪᠠᠶᠢᠭ᠎ᠠ ᠠᠰᠠᠭᠤᠳᠠᠯ ᠢ ᠶᠡᠬᠡᠪᠡᠷ ᠬᠦᠯᠢᠶᠡᠨ ᠠᠪᠴᠤ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠰᠢᠢᠳᠪᠦᠷᠢᠯᠡᠬᠦ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠯᠢ ᠴᠦᠨ ᠶᠠᠨ ᠴᠢᠬᠤᠯᠠᠴᠢᠯᠠᠭᠰᠠᠨ ᠨᠢ᠂ ᠵᠢᠯ ᠤᠨ ᠡᠴᠦᠰ ᠪᠣᠯᠬᠤ ᠳᠤ ᠡᠯ᠎ᠡ ᠵᠦᠢᠯ ᠤᠨ ᠡᠭᠦᠷᠭᠡ ᠬᠦᠨᠳᠦ ᠨᠦᠰᠡᠷ ᠪᠠᠶᠢᠨ᠎ᠠ᠃ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠬᠠᠮᠲᠤ᠂ ᠠᠵᠤ ᠠᠬᠤᠢ ᠶᠢᠨ ᠠᠵᠢᠯᠯᠠᠭ᠎ᠠ ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠢᠯ ᠤᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠦᠷ᠎ᠡ ᠪᠦᠲᠦᠮᠵᠢ ᠶᠢ ᠪᠣᠳᠠᠲᠠᠢ ᠠᠵᠢᠯ ᠳᠡᠭᠡᠷ᠎ᠡ ᠦᠨᠡᠨᠬᠦ ᠢᠯᠡᠷᠡᠭᠦᠯᠬᠦ ᠬᠡᠷᠡᠭᠲᠡᠢ ᠭᠡᠪᠡ᠃      ᠯᠢ ᠴᠦᠨ ᠶᠠᠨ ᠱᠠᠭᠠᠷᠳᠠᠭᠰᠠᠨ ᠨᠢ᠂ ᠠᠵᠤ ᠠᠬᠤᠶ ᠶᠢᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠠᠳᠬᠤᠵᠤ᠂ ᠡᠨᠡ ᠵᠢᠯ ᠤᠨ ᠬᠠᠮᠤᠭ ᠰᠡᠭᠦᠯᠴᠢ ᠶᠢᠨ ᠨᠢᠭᠡ ᠰᠠᠷ᠎ᠠ ᠬᠠᠭᠠᠰ ᠤᠨ ᠴᠠᠭ ᠢ ᠦᠨᠡᠨ ᠬᠦ ᠪᠦᠲᠦᠮᠵᠢᠲᠡᠶ ᠰᠠᠶᠢᠲᠤᠷ ᠠᠰᠢᠭᠯᠠᠵᠤ᠂ ᠵᠢᠯ ᠤᠨ ᠡᠬᠢᠨ ᠳᠤ ᠲᠣᠭᠲᠠᠭᠠᠭᠰᠠᠨ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠳᠥᠷᠪᠡᠳᠦᠭᠡᠷ ᠤᠯᠠᠷᠢᠯ ᠳᠤ ᠰᠢᠪᠲᠤᠯᠤᠯᠲᠠ ᠬᠢᠵᠦ᠂ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠮᠠᠨ ᠤ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠲᠠᠢ ᠬᠠᠷᠢᠴᠠᠭᠤᠯᠤᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠮᠠᠨ ᠤ ᠰᠢᠶᠠᠨ ᠤ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠤᠨ ᠵᠢᠭᠰᠠᠯ᠂ ᠬᠥᠲᠥᠴᠢ ᠭᠤᠤᠯᠯᠠᠭᠴᠢ ᠠᠵᠤ ᠠᠬᠤᠶᠢᠯᠠᠯ᠂ ᠠᠵᠤ ᠦᠢᠯᠡᠰ ᠤᠨ ᠢᠵᠢ ᠪᠥᠷᠢᠳᠦᠭᠰᠡᠨ ᠵᠡᠷᠭᠡ ᠨᠠᠷᠢᠨ ᠲᠠᠩᠰᠠ ᠶᠢ ᠠᠯᠢ ᠲᠦᠷᠭᠡᠨ ᠢᠶᠠᠷ ᠡᠮᠬᠢᠯᠡᠨ ᠭᠠᠷᠭᠠᠬᠤ ᠬᠡᠷᠡᠭᠲᠡᠶ︔ ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠵᠤ᠂ ᠡᠪᠦᠯ ᠤᠨ ᠤᠯᠠᠷᠢᠯ ᠤᠨ ᠠᠮᠠᠷᠠᠯᠲᠠ ᠶᠢᠨ ᠬᠤᠭᠤᠴᠠᠭ᠎ᠠ ᠶᠢ ᠰᠠᠶᠢᠲᠤᠷ ᠬᠡᠷᠡᠭᠯᠡᠨ᠂ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠱᠠᠯᠠᠪᠳᠠᠨ ᠵᠥᠪᠳᠡᠯᠴᠡᠬᠦ ᠬᠡᠷᠡᠭᠲᠡᠶ︔ ᠡᠭᠦᠨ ᠤ ᠬᠠᠮᠲᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠬᠤᠶᠢᠰᠢᠳᠠ ᠶᠢᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ︽ᠶᠡᠭᠡ ᠲᠦᠷᠦᠯ ᠵᠦᠢᠯ ᠢ ᠠᠳᠬᠤᠬᠤ᠂ ᠲᠤᠮᠤ ᠲᠦᠷᠦᠯ ᠵᠦᠢᠯ ᠢ ᠠᠳᠬᠤᠬᠤ᠂ ᠭᠤᠣᠯ ᠤᠳᠤᠷᠢᠳᠤᠯᠭ᠎ᠠ ᠲᠦᠷᠦᠯ ᠵᠦᠢᠯ ᠢ ᠠᠳᠬᠤᠬᠤ︾ ᠬᠥᠭᠵᠢᠯᠲᠡ ᠶᠢᠨ ᠤᠬᠠᠮᠰᠠᠷ ᠢ ᠪᠠᠲᠤ ᠪᠤᠢ ᠪᠣᠯᠭᠠᠵᠤ᠂ ᠨᠢᠭᠡ ᠲᠠᠯ᠎ᠠ ᠪᠠᠷ ᠳᠥᠷᠪᠡᠳᠦᠭᠡᠷ ᠤᠯᠠᠷᠢᠯ ᠤᠨ ᠲᠦᠷᠦᠯ ᠵᠦᠢᠯ ᠢ ᠠᠬᠢᠭᠤᠯᠬᠤ ᠶᠢ ᠴᠢᠩᠭ᠎ᠠ ᠠᠳᠬᠤᠵᠤ᠂ ᠨᠦᠬᠦᠭᠡ ᠲᠠᠯ᠎ᠠ ᠪᠠᠷ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠡᠴᠦᠰ ᠲᠤᠨᠢ ᠲᠤᠯᠲᠠᠯ᠎ᠠ ᠬᠢᠴᠢᠶᠡᠨ ᠰᠡᠷᠭᠡᠶᠢᠯᠡᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠳᠠᠷᠤᠭᠠᠰᠤ ᠶᠢ ᠬᠥᠩᠭᠡᠷᠡᠭᠦᠯᠦᠨ ᠬᠦᠯᠢᠶᠡᠰᠦ ᠶᠢ ᠨᠢ ᠦᠨᠡᠨᠬᠦ ᠠᠯᠳᠠᠷᠠᠭᠠᠬᠤ ᠬᠡᠷᠡᠭᠲᠡᠢ᠃ ᠯᠢ ᠴᠦᠨ ᠶᠠᠨ ᠱᠠᠭᠠᠷᠳᠠᠭᠰᠠᠨ ᠨᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠲᠥᠷᠥᠯ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠣᠷᠳᠣ ᠬᠤᠭᠤᠴᠠᠭ᠎ᠠ ᠪᠠᠷ ᠪᠠᠷᠢᠮᠲᠠᠯᠠᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠦᠷᠢᠨ ᠲᠡᠭᠦᠯᠳᠡᠷ ᠪᠡᠯᠡᠳᠬᠡᠯ ᠲᠥᠰᠦᠯ ᠢ ᠪᠠᠶᠢᠭᠤᠯᠵᠤ᠂ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠯᠢ ᠴᠦᠨ ᠶᠠᠨ ᠴᠢᠬᠤᠯᠠᠴᠢᠯᠠᠭᠰᠠᠨ ᠨᠢ᠂ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠠᠵᠢᠯ ᠳᠤ ᠴᠠᠯᠢᠩ ᠥᠷᠢᠲᠦᠬᠦ ᠶᠢ ᠵᠠᠰᠠᠵᠤ ᠵᠠᠷᠤᠯᠭ᠎ᠠ ᠶᠢ ᠪᠠᠲᠤᠯᠠᠬᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠯ ᠤᠨ ᠡᠴᠦᠰ ᠠᠴᠠ ᠡᠮᠦᠨ᠎ᠡ ᠴᠠᠯᠢᠩ ᠥᠷᠢᠲᠦᠬᠦ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠂ ᠡᠭᠦᠨ ᠤ ᠵᠡᠷᠭᠡ ᠳᠤ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠢᠲᠡᠭᠡᠮᠵᠢ ᠶᠢᠨ ᠲᠠᠯ᠎ᠠ ᠪᠠᠷ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠠᠶ ᠠᠰᠠᠭᠤᠳᠠᠯ ᠢ ᠪᠣᠳᠠᠲᠠᠶ ᠪᠠᠷ ᠵᠠᠳᠠᠯᠬᠤ ᠶᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠳᠤ ᠨᠡᠶᠢᠴᠡᠬᠦ ᠶᠢ ᠨᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ ᠶᠢ ᠨᠢ ᠦᠵᠡᠯ ᠰᠠᠨᠠᠭᠠᠨ ᠤ ᠵᠢᠯᠣᠭᠤᠳᠣᠯᠭ᠎ᠠ ᠶᠢ ᠰᠠᠶᠢᠲᠤᠷ ᠬᠢᠵᠦ᠂ ᠲᠣᠭᠲᠠᠭᠤᠨ ᠢᠶᠠᠷ ᠡᠵᠡᠮᠳᠡᠬᠦ ᠠᠵᠢᠯ ᠢ ᠵᠡᠷᠭᠡ ᠳᠤᠨᠢ ᠰᠠᠶᠢᠲᠤᠷ ᠬᠢᠬᠦ ᠬᠡᠷᠡᠭᠲᠡᠶ᠃ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠠᠮᠢᠳᠤᠷᠠᠯ ᠤᠨ ᠬᠡᠷᠡᠭᠯᠡᠭᠡᠨ ᠤ ᠵᠦᠢᠯ᠂ ᠵᠠᠮ ᠬᠠᠷᠢᠯᠴᠠᠭ᠎ᠠ ᠲᠡᠭᠡᠭᠡᠪᠦᠷᠢ᠂ ᠵᠤᠭᠠᠴᠠᠯ ᠢᠳᠡᠭᠡᠨ ᠤᠮᠳᠠᠭᠠᠨ ᠵᠡᠷᠭᠡ ᠬᠦᠷᠢᠶᠡᠨ ᠤ ᠵᠠᠬ᠎ᠠ ᠳᠡᠯᠭᠡᠭᠦᠷ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠷᠠᠭᠠᠨ ᠤ ᠢᠷᠡᠯᠳᠡ᠂ ᠠᠮᠤ ᠪᠤᠳᠠᠭᠠᠨ ᠤ ᠢᠷᠡᠯᠳᠡ ᠶᠢᠨ ᠲᠤᠬᠢᠷᠠᠭᠤᠯᠤᠯᠳᠠ ᠶᠢ ᠵᠣᠬᠢᠶᠠᠨ ᠪᠠᠶᠢᠭᠤᠯᠤᠨ ᠴᠢᠩᠭᠠᠳᠬᠠᠵᠤ᠂ ᠢᠳᠡᠭᠡᠨ ᠪᠠ ᠡᠮ ᠲᠠᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠬᠦ ᠬᠡᠷᠡᠭᠲᠡᠢ ᠭᠡᠪᠡ᠃      ᠸᠠᠩ ᠮᠢᠩ ᠵᠡᠷᠭᠡ ᠰᠢᠶᠠᠨ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1