ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠠᠲᠤᠨ ᠭᠤᠤᠯ ᠢ ᠬᠠᠮᠠᠭᠠᠯᠠᠬᠤ 2021︾ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/11/19
      ︽ᠬᠠᠲᠤᠨ ᠭᠤᠤᠯ ᠢ ᠬᠠᠮᠠᠭᠠᠯᠠᠬᠤ 2021︾ ᠲᠤᠰᠬᠠᠶ ᠴᠣᠬᠢᠯᠲᠠ ᠥᠭᠬᠦ ᠠᠵᠢᠯᠯᠠᠭ᠎ᠠ ᠶᠢᠨ ᠵᠣᠷᠢᠯᠭ᠎ᠠ ᠨᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷ ᠭᠤᠤᠯᠳᠠᠯᠭ᠎ᠠ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ᠂ ᠴᠢᠨᠠᠷ ᠰᠠᠶᠢᠲᠠᠶ ᠬᠥᠭᠵᠢᠯᠲᠡ ᠶᠢ ᠬᠠᠷᠰᠢᠯᠠᠬᠤ ᠬᠠᠤᠯᠢ‌ᠡᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠶᠢᠨ ᠲᠥᠯᠥᠭᠡ ᠶᠤᠮ᠃ ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠪᠠ ᠢᠳᠡᠭᠡᠨ ᠤ ᠵᠦᠢᠯ ᠡᠮ ᠲᠠᠩ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ︽ᠬᠠᠲᠤᠨ ᠭᠤᠤᠯ ᠢ ᠬᠠᠮᠠᠭᠠᠯᠠᠬᠤ︾ ᠦᠨᠡᠨᠴᠢ ᠰᠢᠳᠤᠷᠭᠤ ᠬᠠᠮᠠᠭᠠᠯᠠᠭᠴᠢ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠬᠠᠲᠤᠨ ᠭᠤᠤᠯ ᠢ ᠬᠠᠮᠠᠭᠠᠯᠠᠬᠤ 2021︾ ᠲᠤᠰᠬᠠᠶ ᠴᠣᠬᠢᠯᠲᠠ ᠥᠭᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃ 2021 ᠣᠨ ᠤ 8 ᠳ᠋ᠤᠭᠠᠷ ᠰᠠᠷ᠎ᠠ ᠳᠤ ︽ᠬᠠᠲᠤᠨ ᠭᠤᠤᠯ ᠢ ᠬᠠᠮᠠᠭᠠᠯᠠᠬᠤ 2021︾ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠶᠡᠭᠡ ᠠᠩᠭᠢ ᠨᠡᠶᠢᠲᠡ 10 ᠡᠷᠡᠭᠦᠤ ᠶᠢᠨ ᠬᠡᠷᠡᠭ᠂ 1 ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠵᠦ᠂ 13 ᠬᠥᠮᠦᠨ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1