ᠲᠣᠭᠲᠠᠬᠤ ᠰᠢᠶᠠᠨ ᠤ ᠰᠢᠶᠠᠨ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠢᠯᠧᠲ ᠥᠭᠬᠦ ᠠᠵᠢᠯ ᠤᠷᠤᠭᠰᠢᠲᠠᠶ ᠶᠠᠪᠤᠭᠳᠠᠪᠠ
ᠨᠡᠶᠢᠲᠡᠯᠡᠭᠰᠡᠨ ᠴᠠᠭ᠄
2021/11/19
      ᠰᠣᠩᠭᠤᠬᠤ ᠡᠷᠬᠡ ᠪᠠ ᠰᠣᠩᠭᠤᠭᠳᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠪᠣᠯ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠦᠢᠯᠡᠳᠦᠯᠭᠡ ᠮᠥᠨ᠃ 11 ᠳ᠋ᠤᠭᠡᠷ ᠰᠠᠷ᠎ᠠ ᠶᠢᠨ 18 ᠤ ᠡᠳᠦᠷ᠂ ᠡᠮᠦᠨᠡᠬᠢ ᠬᠤᠭᠤᠴᠠᠭᠠᠨ ᠤ ᠨᠠᠷᠢᠨ ᠨᠢᠮᠪᠠᠶ ᠪᠠᠶᠢᠷᠢᠯᠠᠭᠤᠯᠤᠯᠲᠠ ᠪᠠ ᠨᠠᠷᠢᠨ ᠨᠢᠮᠪᠠᠶ ᠪᠡᠯᠡᠳᠬᠡᠯ ᠢᠶᠠᠷ ᠳᠡᠮᠵᠢᠨ᠂ ᠲᠣᠭᠲᠠᠬᠤ ᠰᠢᠶᠠᠨ ᠨᠢ ᠰᠢᠶᠠᠨ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠢᠯᠧᠲ ᠥᠭᠬᠦ ᠡᠳᠦᠷ ᠢᠶᠠᠨ ᠤᠭᠲᠤᠨ ᠠᠪᠤᠯ᠎ᠠ᠃ ᠯᠢ ᠴᠦᠨ ᠶᠠᠨ᠂ ᠭᠤᠤ ᠵᠧᠩ᠂ ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠥᠪᠡᠷ ᠥᠪᠡᠷ ᠤᠨ ᠰᠣᠩᠭᠤᠭᠤᠯᠢ ᠶᠢᠨ ᠲᠣᠭᠤᠷᠢᠭ ᠲᠠᠭᠠᠨ ᠪᠢᠯᠧᠲ ᠥᠭᠬᠦ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1